2026-11-05 16:29:39
10 ᠰᠠᠷ᠎ᠠ᠎ᠶᠢᠨ 29᠎ᠤ᠋ ᠡᠳᠦᠷ᠂ ᠥᠪᠥᠷ ᠮᠣᠩᠭᠣᠯ᠎ᠤᠨ 《ᠦᠨᠳᠦᠰᠦᠨ ᠱᠠᠲᠤᠨ ᠳ᠋ᠤ ᠬᠦᠰᠡᠯ ᠵᠡᠭᠦᠳᠦ᠎ᠪᠡᠨ ᠲᠡᠷᠭᠡᠯᠰᠢᠭᠦᠯᠵᠦ ᠵᠠᠯᠠᠭᠤ ᠨᠠᠰᠤᠨ ᠳ᠋ᠠᠭᠠᠨ ᠵᠢᠳᠬᠦᠯ ᠴᠢᠷᠮᠠᠢᠯᠭ᠎ᠠ ᠭᠠᠷᠭᠠᠬᠤ》 ᠠᠵᠢᠯ ᠣᠯᠭᠣᠯᠲᠠ᠎ᠪᠠᠷ ᠬᠥᠮᠥᠨ ᠢ᠋ ᠬᠥᠮᠥᠵᠢᠭᠦᠯᠬᠦ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠳᠠ ᠥᠪᠥᠷ ᠮᠣᠩᠭᠣᠯ᠎ᠤᠨ ᠲᠠᠷᠢᠶᠠᠯᠠᠩ ᠤ᠋ᠨ ᠶᠡᠬᠡ ᠰᠤᠷᠭᠠᠭᠤᠯᠢ᠎ᠳᠤ ᠶᠠᠪᠤᠭᠳᠠᠪᠠ᠃ ᠠᠵᠢᠯᠯᠠᠭ᠎ᠠ ᠨᠢ ᠦᠨᠳᠦᠰᠦᠨ ᠱᠠᠲᠤᠨ᠎ᠤ ᠵᠠᠯᠠᠭᠤᠴᠤᠳ᠎ᠤᠨ ᠥᠯᠢᠭᠡᠷ᠎ᠢ ᠬᠤᠪᠢᠶᠠᠯᠴᠠᠬᠤ᠎ᠪᠠᠷ ᠳᠡᠮᠵᠢᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠣᠶᠤᠨᠯᠢᠭ ᠵᠢᠡᠷᠠᠵᠢᠯ ᠡᠷᠢᠵᠦ ᠠᠵᠢᠯ ᠤᠯᠬᠤ ᠦᠵᠡᠯᠲᠡ ᠵᠢ ᠪᠤᠢ ᠪᠤᠯᠭᠠᠵᠠᠢ᠃
ᠲᠣᠰ ᠤᠳᠠᠭᠠᠨ᠎ᠤ ᠠᠵᠢᠯᠯᠠᠭ᠎ᠠ᠎ᠳᠤ ᠦᠨᠳᠦᠰᠦᠨ ᠱᠠᠲᠤᠨ᠎ᠤ ᠡᠮᠦᠨ᠎ᠡ ᠹᠷᠣᠨᠲ ᠲᠦ᠍ ᠦᠨᠳᠦᠰᠦᠯᠡᠭᠰᠡᠨ 4 ᠲᠥᠯᠥᠭᠡᠯᠡᠭᠴᠢ᠎ᠶᠢ ᠤᠷᠢᠵᠤ ᠦᠰᠦᠨ ᠪᠣᠢᠵᠢᠭ᠍ᠰᠠᠨ ᠥᠩᠭᠡᠷᠡᠯᠲᠡ ᠵᠢ ᠨᠢ ᠬᠤᠪᠢᠶᠠᠯᠴᠠᠵᠠᠢ᠃ ᠲᠡᠳᠡᠨ᠎ᠦ ᠳᠣᠲᠣᠷ᠎ᠠ ᠨᠡᠷᠡᠲᠦ ᠰᠤᠷᠭᠠᠭᠤᠯᠢ ᠶ᠋ᠢᠨ ᠠᠰᠫᠢᠷᠠᠨᠲ ᠵᠢᠡᠷ ᠡᠯᠰᠡᠭᠳᠡᠭᠰᠡᠨ ᠬᠢᠷᠢ ᠬᠡᠮ᠎ᠢᠶᠡᠨ ᠲᠡᠪᠴᠢᠵᠦ᠂ ᠬᠣᠷᠴᠢᠨ᠎ᠤ ᠲᠠᠯ᠎ᠠ ᠨᠤᠲᠤᠭ᠎ᠲᠠᠭᠠᠨ ᠪᠤᠴᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ ᠪᠦᠬᠦᠢ ᠮᠠᠯ ᠡᠮᠨᠡᠯᠭᠡ᠎ᠶᠢᠨ ᠲᠤᠰᠬᠠᠢ ᠮᠡᠷᠭᠡᠵᠢᠯ᠎ᠤᠨ ᠤᠶᠤᠳᠠᠨ ᠵᠠᠯᠠᠭᠤ ᠪᠤᠢ᠂ ᠴᠡᠷᠢᠭ ᠲᠤ᠌ ᠤᠷᠤᠵᠤ᠂ ᠴᠡᠷᠢᠭ᠎ᠡᠴᠡ ᠬᠠᠯᠠᠭᠳᠠᠭᠰᠠᠨ᠎ᠤ ᠳᠠᠷᠠᠭ᠎ᠠ ᠬᠢᠯᠢ ᠶ᠋ᠢᠨ ᠨᠢᠭᠡᠳᠦᠭᠡᠷ ᠹᠷᠣᠨᠲ᠎ᠢ ᠪᠠᠲᠤ ᠰᠠᠬᠢᠵᠤ ᠪᠠᠢᠭ᠎ᠠ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠪᠤᠢ᠂ ᠤᠬᠢ ᠰᠢᠯᠢᠳᠡᠭ ᠭᠠᠩᠨᠠᠬᠤ ᠮᠡᠷᠭᠡᠵᠢᠯ ᠵᠢᠡᠷ᠎ᠢᠶᠡᠨ ᠠᠵᠤ ᠦᠢᠯᠡᠰ᠎ᠦᠨ ᠬᠦᠴᠢᠷ ᠰᠡᠳᠦᠪ᠎ᠢ ᠰᠢᠢᠳᠪᠦᠷᠢᠯᠡᠵᠦ ᠶᠠᠪᠤᠭ᠎ᠠ ᠤᠷ᠎ᠠ ᠮᠡᠷᠭᠡᠵᠢᠯ᠎ᠦᠨ ᠴᠢᠳᠠᠪᠤᠷᠢᠲᠠᠨ ᠪᠤᠢ᠂ ᠪᠠᠰᠠ 《ᠪᠣᠷᠣᠳᠣᠬᠣᠢ᠎ᠶᠢᠨ ᠠᠮᠤ ᠪᠤᠳᠠᠭᠠᠨ᠎ᠤ ᠬᠥᠮᠥᠷᠭᠡ》 ᠵᠢ ᠤᠷᠳᠤ ᠬᠤᠭᠤᠴᠠᠭ᠎ᠠ ᠪᠡᠷ ᠰᠠᠬᠢᠨ ᠬᠠᠮᠠᠭᠠᠯᠠᠵᠤ ᠶᠠᠪᠤᠭ᠎ᠠ ᠤᠰᠤᠨ ᠠᠰᠢᠭ᠍ᠯᠠᠯᠲᠠ᠎ᠶᠢᠨ ᠠᠵᠢᠯᠲᠠᠨ ᠪᠤᠢ᠃ ᠲᠡᠳᠡ ᠥᠪᠡᠷ ᠦᠪᠡᠷ᠎ᠦᠨ ᠥᠩᠭᠡᠷᠡᠯᠲᠡ ᠲᠠᠢ᠎ᠪᠡᠨ ᠤᠶᠠᠯᠳᠤᠭᠤᠯᠵᠤ᠂ ᠦᠨᠡᠨ ᠪᠤᠳᠠᠳᠠᠢ ᠦᠯᠢᠭᠡᠷ ᠶᠠᠪᠤᠳᠠᠯ ᠵᠢᠡᠷ ᠦᠨᠳᠦᠰᠦᠨ ᠱᠠᠲᠤᠨ᠎ᠤ ᠲᠠᠪᠴᠠᠩ᠎ᠨᠢ ᠵᠠᠯᠠᠭᠤᠴᠤᠳ᠎ᠤᠨ ᠦᠰᠦᠨ ᠪᠣᠢᠵᠢᠯᠳᠠ ᠳ᠋ᠤ ᠨᠡᠩ ᠥᠷᠭᠡᠨ ᠠᠭᠤᠳᠠᠮ ᠣᠷᠣᠨ ᠵᠠᠢᠬᠠᠩᠭᠠᠳᠠᠭᠢ ᠠᠮᠢᠳᠤᠯᠢᠭ ᠬᠦᠨᠵᠡᠭᠡᠢ ᠲᠠᠨᠢᠯᠴᠠᠭᠤᠯᠪᠠ᠃ ᠠᠵᠢᠯᠯᠠᠭ᠎ᠠ ᠨᠢ ᠪᠠᠰᠠ ᠪᠦᠬᠦ ᠣᠷᠣᠨ᠎ᠤ ᠵᠠᠯᠠᠭᠤ ᠰᠤᠷᠤᠭ᠍ᠴᠢᠳ᠎ᠲᠤ 《ᠦᠨᠳᠦᠰᠦᠨ ᠱᠠᠳᠤᠨ᠎ᠳᠦ ᠦᠨᠳᠦᠰᠦᠯᠡᠵᠦ᠂ ᠵᠠᠯᠠᠭᠤ ᠨᠠᠰᠤᠨ᠎ᠳᠠᠭᠠᠨ ᠵᠢᠳᠬᠦᠯ ᠴᠢᠷᠮᠠᠢᠯᠠᠭᠠ ᠭᠠᠷᠭᠠᠬᠤ》 ᠤᠷᠢᠶᠠᠯᠠᠭ᠎ᠠ ᠭᠠᠷᠭᠠᠪᠠ᠃
《ᠨᠣᠮ᠎ᠤᠨ ᠠᠬ᠎ᠠ ᠨᠤᠲᠤᠭ᠎ᠲᠠᠭᠠᠨ ᠪᠤᠴᠠᠵᠤ ᠦᠨᠳᠦᠰᠦᠨ ᠱᠠᠲᠤᠨ᠎ᠤ ᠮᠠᠯ ᠠᠵᠤ ᠠᠬᠤᠢ᠎ᠵᠢᠨ ᠬᠦᠭᠵᠢᠯᠳᠡ ᠳ᠋ᠤ ᠬᠤᠪᠢ ᠨᠡᠮᠡᠷᠢ ᠪᠠᠨ ᠦᠵᠡᠬᠦᠯᠵᠦ ᠶᠠᠪᠤᠭ᠎ᠠ ᠦᠯᠢᠭᠡᠷ᠎ᠢ ᠰᠣᠨᠣᠰᠤᠭᠠᠳ ᠪᠢ ᠤᠤᠯ᠎ᠤᠨ ᠬᠤᠳᠠ᠎ᠳᠤ ᠦᠯᠡᠳᠡᠨ ᠠᠵᠢᠯᠯᠠᠬᠤ ᠲᠥᠯᠦᠪᠵᠢᠭᠦᠯᠭᠡ ᠳ᠋ᠦ ᠪᠠᠨ ᠳᠠᠬᠢᠨ ᠲᠤᠩᠭᠠᠯᠳᠠ ᠬᠢᠶ᠎ᠡ ᠬᠡᠵᠦ ᠪᠤᠳᠤᠵᠤ ᠪᠠᠢᠨ᠎ᠠ᠃ ᠳᠠᠷᠠᠭᠠᠴᠢ᠎ᠪᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢᠨ ᠲᠦᠷᠦᠯ ᠵᠦᠢᠯ᠎ᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠵᠤ᠂ ᠲᠤᠰᠬᠠᠢ ᠮᠡᠷᠭᠡᠵᠢᠯ᠎ᠦᠨ ᠮᠡᠳᠡᠯᠭᠡ᠎ᠪᠡᠷ ᠵᠢᠡᠨ ᠨᠤᠲᠤᠭ᠎ᠤᠨ᠎ᠢᠶᠠᠨ ᠬᠥᠭᠵᠢᠯᠲᠡ᠎ᠳᠦ ᠬᠦᠴᠦᠨ ᠨᠡᠮᠡᠷᠢᠯᠡᠨ᠎ᠡ》 ᠭᠡᠵᠦ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠶᠤᠳᠠᠨ ᠵᠢᠶᠠᠩ ᠯᠠᠨ ᠶᠠᠷᠢᠯ᠎ᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠠᠵᠢᠯ ᠣᠯᠭᠣᠯᠲᠠ᠎ᠶᠢᠨ ᠵᠢᠯᠤᠭᠤᠳᠤᠭᠴᠢ ᠪᠠᠭ᠍ᠰᠢ ᠯᠢᠦ ᠭᠤᠸᠠᠨ᠄《〈ᠳᠡᠷᠭᠡᠳᠡᠬᠢ ᠬᠥᠮᠥᠰ ᠳᠡᠷᠭᠡᠳᠡᠬᠢ ᠦᠯᠢᠬᠡᠷ ᠵᠢᠡᠨ ᠶᠠᠷᠢᠬᠤ〉 ᠤᠬᠠᠭᠤᠯᠤᠨ ᠲᠠᠢᠯᠪᠤᠷᠢᠯᠠᠯᠳᠠ ᠵᠢᠨ ᠨᠥᠯᠥᠭᠡᠯᠡᠬᠦ ᠬᠦᠴᠦᠨ ᠨᠢ ᠮᠠᠰᠢ ᠴᠢᠩᠭ᠎ᠠ ᠪᠠᠢᠳᠠᠭ᠂ ᠲᠠᠷᠠᠭᠠᠴᠢ ᠪᠡᠷ ᠦᠨᠳᠦᠰᠦᠨ ᠱᠠᠲᠤᠨ᠎ᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠠᠵᠢᠯ ᠣᠯᠭᠣᠯᠲᠠ ᠶ᠋ᠢᠨ ᠵᠢᠯᠣᠭᠣᠳᠤᠮᠵᠢ᠎ᠶᠢᠨ ᠬᠢᠴᠢᠶᠡᠯ᠎ᠳᠦ ᠠᠭᠤᠰᠬᠠᠨ ᠣᠷᠣᠭᠤᠯᠵᠤ᠂ ᠲᠡᠭᠦᠰᠬᠦ ᠰᠤᠷᠤᠭ᠍ᠴᠢᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ ᠵᠢ ᠰᠢᠨᠵᠢᠯᠡᠬᠦ ᠤᠬᠠᠭᠠᠨᠴᠢ ᠪᠠᠷ ᠰᠠᠢᠲᠤᠷ ᠬᠦᠳᠦᠯᠦᠨ ᠵᠢᠯᠤᠭᠤᠳᠤᠨ᠎ᠠ》 ᠬᠡᠯᠡ᠃
ᠠᠵᠢᠯᠯᠠᠭ᠎ᠠ ᠳ᠋ᠤ ᠪᠥᠬᠥ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠣᠷᠣᠭ᠍ᠴᠢ ᠶ᠋ᠢᠨ ᠲᠥᠯᠥᠭᠡᠯᠡᠭᠴᠢ 300 ᠭᠠᠷᠤᠢ ᠬᠦᠮᠦᠨ ᠠᠬᠤᠢ ᠳᠠᠯᠠᠪᠠᠢ ᠵᠢᠨ ᠬᠤᠷᠠᠯ ᠳ᠋ᠤ ᠣᠷᠣᠯᠴᠠᠵᠤ᠂ 2.8 ᠲᠦᠮᠡᠨ ᠪᠠᠭᠰᠢ ᠰᠤᠷᠤᠭᠴᠢ ᠰᠦᠯᠵᠢᠶᠡᠨ ᠳᠡᠭᠡᠷ᠎ᠡ ᠭᠥᠯᠢᠶᠡᠨ ᠠᠪᠴᠤ ᠦᠵᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃