ᠲᠡᠷᠢᠭᠦᠨ ᠨᠢᠭᠤᠷ>ᠰᠤᠷᠭᠠᠨ ᠬᠦᠮᠦᠵᠢᠯ >ᠲᠤᠷᠰᠢᠯᠭ᠎ᠠ᠎ᠪᠠᠨ ᠰᠣᠯᠢᠯᠴᠠᠶ᠎ᠠ

2026-11-16 17:12:50

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

ᠨᠠᠰᠤᠲᠠᠢᠴᠤᠳ᠎ᠤᠨ ᠰᠤᠷᠭᠠᠨ ᠬᠥᠮᠦᠵᠢᠯ ᠪᠣᠯᠣᠨ ᠶᠡᠬᠡ ᠳᠡᠭᠡᠳᠦ ᠰᠤᠷᠭᠠᠭᠤᠯᠢ᠎ᠶᠢᠨ ᠤᠷᠠᠯᠢᠭ᠋᠎ᠤᠨ ᠰᠤᠷᠭᠠᠨ ᠬᠥᠮᠦᠵᠢᠯ᠎ᠢ ᠭᠦᠨᠵᠡᠭᠡᠢ ᠠᠭᠤᠰᠤᠯᠴᠠᠭᠤᠯᠤᠨ ᠬᠥᠭᠵᠢᠬᠦᠯᠬᠦ᠎ᠵᠢᠨ ᠲᠥᠯᠥᠭᠡ᠂ ᠣᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠬᠠᠮᠠᠳ ᠺᠠᠳ᠋ᠷ᠎ᠤᠨ ᠲᠣᠪᠴᠢᠶ᠎ᠠ ᠪᠠ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ ᠲᠤᠬᠲᠠᠪᠠ᠃

ᠲᠤᠰ ᠬᠡᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠪᠥᠬᠥ ᠣᠷᠣᠨ᠎ᠤ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ ᠪᠠᠭ᠍ᠰᠢ᠎ᠶᠢᠨ ᠲᠤᠰᠬᠠᠢᠵᠢᠭ᠍ᠰᠠᠨ ᠬᠢᠷᠢ ᠲᠦᠪᠰᠢᠨ᠂ ᠵᠢᠭᠠᠨ ᠰᠤᠷᠭᠠᠯᠲᠠ᠎ᠶᠢᠨ ᠪᠠᠷᠢᠮᠵᠢᠶᠠᠵᠢᠭᠤᠯᠤᠬᠰᠠᠨ ᠪᠠᠢᠭᠤᠯᠤᠯᠲᠠ᠎ᠳᠤ ᠨᠠᠷᠢᠯᠢᠭ᠋ ᠣᠨᠣᠴᠠᠲᠠᠢ᠎ᠪᠠᠷ ᠠᠩᠬᠠᠷᠤᠯ᠎ᠢᠶᠠᠨ ᠲᠥᠪᠯᠡᠷᠡᠭᠦᠯᠵᠦ᠂ ᠪᠠᠭ᠍ᠰᠢ᠎ᠶᠢᠨ ᠡᠩᠨᠡᠭᠡ᠎ᠵᠢ ᠬᠠᠮᠲᠤ᠎ᠪᠠᠷ ᠪᠠᠶ᠋ᠢᠭᠤᠯᠬᠤ᠂ ᠵᠢᠭᠠᠨ ᠰᠤᠷᠭᠠᠯᠲᠠ ᠰᠤᠳᠤᠯᠭᠠᠨ᠎ᠢ ᠬᠠᠮᠲᠤ᠎ᠪᠠᠷ ᠠᠬᠢᠭᠤᠯᠬᠤ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ᠎ᠶᠢᠨ ᠲᠣᠭᠣᠷᠢᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠤᠯᠤᠨ᠎ᠠ᠃ ᠡᠬᠦᠨ᠎ᠳᠤ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ ᠭᠣᠣᠯᠯᠠᠭ᠍ᠴᠢ ᠪᠠᠭ᠍ᠰᠢ᠎ᠶᠢ ᠰᠣᠩᠭᠣᠨ ᠲᠣᠮᠢᠯᠠᠵᠦ᠂ ᠡᠯ᠎ᠡ ᠱᠠᠲᠤᠨ᠎ᠤ ᠨᠠᠰᠤᠲᠠᠢᠴᠤᠳ᠎ᠤᠨ ᠶᠡᠬᠡ ᠰᠤᠷᠭᠠᠭᠤᠯᠢ᠎ᠶᠢᠨ ᠪᠠᠭ᠍ᠰᠢ᠎ᠶᠢᠨ ᠬᠥᠮᠥᠷᠭᠡ᠎ᠳᠦ ᠣᠷᠣᠭᠤᠯᠵᠤ᠂ ᠨᠠᠰᠤᠲᠠᠢᠴᠤᠳ᠎ᠲᠤ ᠲᠣᠬᠢᠷᠠᠬᠤ ᠲᠤᠰᠬᠠᠢ ᠮᠡᠷᠭᠡᠵᠢᠯ᠎ᠦᠨ ᠪᠣᠯᠪᠠᠰᠤᠷᠠᠯ ᠥᠷᠨᠢᠭᠦᠯᠦᠨ᠎ᠡ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠭᠣᠣᠯ ᠰᠢᠵᠢᠮ᠎ᠤᠨ ᠲᠣᠭᠣᠷᠢᠨ᠎ᠳᠤ᠂ ᠭᠠᠵᠠᠷ ᠣᠷᠣᠨ᠎ᠤ ᠣᠨᠴᠠᠯᠢᠭ᠋ ᠪᠠ ᠰᠣᠶᠣᠯ᠎ᠤᠨ ᠠᠭᠤᠯᠤᠭᠳᠠᠬᠤᠨ᠎ᠢ ᠬᠠᠪᠰᠤᠷᠭᠠᠭᠰᠠᠨ ᠬᠢᠴᠢᠶᠡᠯ ᠲᠥᠷᠥᠯ᠎ᠢ ᠰᠦᠪᠡᠭᠴᠢᠯᠡᠨ ᠨᠡᠭᠡᠭᠡᠵᠦ᠂ ᠰᠣᠳᠣᠨ ᠬᠢᠴᠢᠶᠡᠯ ᠲᠥᠷᠥᠯ᠎ᠢ ᠪᠣᠶ ᠪᠣᠯᠭᠠᠨ᠎ᠠ᠃ᠨᠠᠰᠤᠲᠠᠢᠴᠤᠳ᠎ᠤᠨ ᠰᠤᠷᠭᠠᠨ ᠬᠥᠮᠦᠵᠢᠯ᠎ᠤᠨ ᠵᠢᠷᠤᠮᠵᠢᠬᠰᠠᠨ ᠪᠠᠢᠭᠤᠯᠤᠯᠲᠠ᠎ᠶᠢᠨ ᠪᠠᠷᠢᠮᠵᠢᠶ᠎ᠠ ᠪᠠ ᠶᠠᠰᠤ ᠴᠢᠨᠠᠷ᠎ᠢ ᠦᠨᠡᠯᠡᠨ ᠵᠢᠱ᠌ᠢᠬᠦ ᠲᠣᠭᠲᠠᠴᠠ᠎ᠶᠢ ᠪᠠᠢᠭᠤᠯᠬᠤ᠎ᠵᠢᠨ ᠬᠠᠮᠳᠦ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠲᠠᠯᠠᠪᠤᠷ ᠲᠥᠬᠦᠭᠡᠷᠦᠮᠵᠢ᠎ᠶᠢᠨ ᠡᠬᠢ ᠪᠠᠶᠠᠯᠢᠭ᠋ ᠵᠢᠡᠨ ᠨᠡᠢᠳᠬᠡᠵᠦ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠬᠡᠷᠡᠭᠯᠡᠬᠦ᠎ᠶᠢ ᠪᠡᠶᠡᠯᠡᠭᠦᠯᠵᠦ᠂ ᠪᠦᠲᠦᠭᠡᠯ᠎ᠦᠨ ᠦᠵᠡᠰᠬᠦᠯᠡᠩ᠂ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠎ᠶᠢ ᠬᠠᠮᠲᠤᠷᠠᠨ ᠡᠷᠬᠢᠯᠡᠵᠦ᠂ ᠨᠠᠰᠤᠲᠠᠢᠴᠤᠳ᠎ᠤᠨ ᠲᠤᠭᠤᠷᠢᠨ ᠰᠤᠷᠤᠯᠴᠠᠬᠤ᠂ ᠰᠣᠶᠣᠯ᠎ᠤᠨ ᠰᠤᠳᠤᠯᠤᠨ ᠰᠤᠷᠤᠯᠴᠠᠬᠤ ᠵᠡᠷᠭᠡ ᠣᠨᠴᠠᠯᠢᠭ᠍ᠲᠤ ᠠᠵᠢᠯᠯᠠᠭ᠎ᠠ᠎ᠥᠷᠨᠢᠭᠦᠯᠵᠦ᠂ ᠬᠠᠷᠢᠯᠴᠠᠨ ᠦᠢᠯᠡᠳᠦᠯᠴᠡᠬᠦ ᠳᠤᠮᠳᠠ ᠬᠡᠪ ᠪᠣᠯᠪᠠᠰᠤᠷᠠᠯ᠎ᠢ ᠨᠢ ᠳᠡᠭᠡᠭᠰᠢᠯᠡᠭᠦᠯᠬᠦ ᠪᠤᠯᠤᠨ᠎ᠠ᠃

ᠬᠤᠢᠰᠢᠳᠠ᠂ ᠬᠣᠶᠠᠷ ᠲᠠᠯ᠎ᠠ᠎ᠪᠠᠷ᠎ᠢᠶᠠᠨ ᠣᠨ᠎ᠤ ᠠᠵᠢᠯ᠎ᠤᠨ ᠬᠤᠷᠠᠯ᠎ᠤᠨ ᠲᠣᠭᠲᠠᠴᠠ᠎ᠶᠢ ᠪᠠᠢᠭᠤᠯᠵᠤ᠂ ᠪᠠᠭ᠍ᠰᠢ᠎ᠶᠢᠨ ᠡᠩᠨᠡᠭᠡ᠎ᠵᠢ ᠬᠠᠮᠲᠤ ᠪᠠᠷ ᠪᠠᠶ᠋ᠢᠭᠤᠯᠬᠤ᠎ᠶᠢ ᠭᠦᠨᠵᠡᠭᠡᠢᠷᠡᠭᠦᠯᠬᠦ᠂ ᠵᠢᠭᠠᠨ ᠰᠤᠷᠭᠠᠯᠲᠠ᠎ᠵᠢ ᠬᠠᠮᠲᠤ ᠪᠠᠷ ᠠᠬᠢᠭᠤᠯᠬᠤ᠎ᠵᠢ ᠨᠠᠷᠢᠯᠢᠭ᠍ᠵᠢᠭᠤᠯᠬᠤ᠂ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠬᠦ᠎ᠶᠢ ᠰᠢᠯᠢᠳᠡᠭᠵᠢᠬᠦᠯᠬᠦ ᠪᠤᠯᠤᠨ᠎ᠠ᠃ ᠡᠭᠦᠨ᠎ᠦ ᠬᠠᠮᠲᠤ᠂ ᠬᠠᠮᠲᠤᠷᠠᠯᠴᠠᠭᠠᠨ᠎ᠤ ᠶᠠᠪᠤᠴᠠ᠎ᠳᠠᠬᠢ ᠪᠦᠲᠦᠮᠵᠢᠲᠡᠶ ᠠᠷᠭ᠎ᠠ ᠪᠠᠷᠢᠯ᠎ᠤᠨ ᠲᠤᠷᠰᠢᠯᠭ᠎ᠠ ᠪᠠᠨ ᠴᠠᠭ ᠲᠤᠬᠠᠢ ᠳ᠋ᠤᠨᠢ ᠡᠮᠬᠢᠯᠡᠵᠦ᠂ ᠢᠯᠡᠷᠡᠭᠰᠡᠨ ᠰᠢᠨ᠎ᠡ ᠪᠠᠢᠳᠠᠯ ᠰᠢᠨ᠎ᠡ ᠠᠰᠠᠭᠤᠳᠠᠯ᠎ᠢ ᠬᠠᠮᠲᠤ ᠪᠠᠷ ᠰᠤᠳᠤᠯᠵᠤ᠂ ᠴᠠᠭ ᠲᠤᠬᠠᠢ ᠳ᠋ᠤᠨᠢ ᠲᠣᠬᠢᠷᠠᠭᠤᠯᠤᠨ᠂ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠰᠢᠨ᠎ᠡ ᠪᠠᠢᠷᠢᠰᠢᠯ᠎ᠢ ᠬᠦᠴᠦᠯᠡᠨ ᠪᠣᠶ ᠪᠣᠯᠭᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面