ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2022-08-27 13:18:53

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠤᠷᠴᠢᠮᠬᠠᠨ᠂ ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠠᠴᠠ ᠭᠣᠸ᠋ᠯᠯᠠᠨ ᠡᠷᠭᠢᠯᠡᠵᠦ᠍᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠎ᠡᠴᠡ ᠳᠠᠭᠠᠭᠠᠴᠢᠯᠠᠨ ᠡᠷᠭᠢᠯᠡᠭ᠌ᠰᠡᠨ 《ᠠᠨᠠᠷ᠎ᠤᠨ ᠦᠷ᠎ᠡ ᠰᠢᠭ ᠨᠢᠭᠳᠠᠷᠠᠨ ᠪᠦᠯᠬᠦᠮᠳᠡᠶ᠎ᠡ》 ᠭᠡᠬᠦ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠥᠪᠥᠷ ᠮᠣᠩᠭᠣᠯ᠎ᠤᠨ 《ᠰᠡᠳᠬᠢᠯ᠎ᠤᠨ ᠲᠤᠭᠤᠷᠢᠬ》 ᠵᠢᠴᠢ 2022 ᠬᠦᠰᠡᠯ᠎ᠢᠨᠵᠧᠨᠧᠷᠢᠩ·ᠮᠸᠩ ᠨᠢᠦ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠬᠥᠬᠡᠬᠣᠲᠠ᠎ᠳᠤ ᠠᠮᠵᠢᠯᠲᠠ᠎ᠲᠠᠶ ᠶᠠᠪᠤᠭ᠍ᠳᠠᠪᠠ᠃ ᠪᠦᠬᠦ᠌ ᠤᠯᠤᠰ᠎ᠤᠨ ᠡᠯ᠎ᠡ ᠭᠠᠵᠠᠷ᠎ᠤᠨ ᠡᠯ᠎ᠡ ᠦᠨᠳᠦᠰᠦᠳᠡᠨ᠎ᠤ 300 ᠭᠠᠷᠤᠢ ᠵᠠᠯᠠᠭᠤᠴᠤᠳ ᠪᠠᠭᠠᠴᠤᠳ ᠲᠤᠰ ᠤᠳᠠᠭ᠎ᠠ᠎ᠶ᠋ᠢᠨ ᠠᠵᠢᠯᠯᠠᠭ᠎ᠠ᠎ᠳᠤ ᠣᠷᠣᠯᠴᠠᠭᠰᠠᠨ ᠪᠠᠢᠨ᠎ᠠ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠤᠷᠠᠯᠢᠬᠴᠢᠳ᠎ᠢ ᠤᠷᠢᠵᠤ ᠭᠡᠦᠭᠡᠳ ᠪᠠᠭᠠᠴᠤᠳ ᠲᠸ᠋ ᠦᠨᠳᠦᠰᠦᠲᠡᠨ᠎ᠦ ᠳᠠᠭᠤᠤ ᠪᠥᠵᠢᠭ᠎ᠤᠨ ᠲᠣᠭ᠍ᠯᠠᠯᠲᠠ ᠰᠤᠨᠢᠷᠬᠠᠭᠤᠯᠬᠤ ᠵᠢᠨ ᠬᠠᠮᠳᠤ᠂ 《ᠵᠠᠯᠠᠭᠤᠴᠤᠳ ᠎ᠤᠨ ᠰᠤᠨᠤᠰᠬᠠᠯ 》 ᠰᠣᠯᠢᠯᠴᠠᠭᠠᠨ᠎ᠤ ᠠᠵᠢᠯᠯᠠᠭ᠎ᠠ᠂ ᠦᠨᠳᠦᠰᠦᠲᠡᠨ᠎ᠦ ᠪᠦᠯᠬᠦᠮᠳᠡᠯ᠎ᠦᠨ ᠮᠡᠳᠡᠯᠭᠡ᠎ᠶ᠋ᠢᠨ ᠥᠷᠢᠰᠥᠯᠳᠦᠭᠡᠨ᠎ᠵᠡᠷᠭᠡ ᠪᠠᠶᠠᠯᠢᠭ ᠰᠠᠢᠬᠠᠨ ᠠᠵᠢᠯᠯᠠᠭ᠎ᠠ᠎ᠦᠷᠨᠢᠬᠦᠯᠵᠡᠢ᠃

ᠲᠤᠰ ᠤᠳᠠᠭ᠎ᠠ᠎ᠶ᠋ᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠶ᠋ᠢᠨ ᠰᠤᠷᠤᠯᠭ᠎ᠠ᠎ᠶ᠋ᠢ ᠲᠡᠳᠬᠦᠵᠦ᠍ ᠬᠥᠮᠦᠨ᠎ᠢ ᠬᠥᠮᠦᠵᠢᠭᠦᠯᠬᠦ᠂ ᠨᠠᠮ᠎ᠤᠨ ᠲᠦᠯᠦᠭᠡ ᠬᠥᠮᠦᠨ ᠬᠥᠮᠦᠵᠢᠭᠦᠯᠬᠦ᠌ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠢᠯᠡᠷᠡᠬᠦᠯᠦᠭᠰᠡᠨ ᠲᠡᠳᠦᠢ ᠦᠭᠡᠢ ᠂ ᠨᠠᠮ᠎ᠤᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠲᠤᠭᠤᠰᠢᠯᠠᠭᠤᠯᠵᠤ᠂ 《ᠬᠣᠶᠠᠷ᠎ᠢ ᠬᠦᠩᠭᠡᠷᠡᠭᠦᠯᠬᠦ》ᠲᠦᠷᠦ᠍᠎ᠶ᠋ᠢᠨ ᠪᠤᠳᠤᠯᠭ᠎ᠠ᠂《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ》 ᠲᠦᠷᠦ᠍᠎ᠶ᠋ᠢᠨ ᠪᠤᠳᠤᠯᠭ᠎ᠠ᠎ᠶ᠋ᠢ ᠤᠨᠢᠨ ᠳᠡᠭᠡᠷ᠎ᠡ ᠨᠢ ᠨᠠᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠢ᠎ᠡ ᠪᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面