ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2024-09-07 12:36:21

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠮᠠᠨᠵᠤᠤᠷ ᠬᠣᠲᠠ᠎ᠶᠢᠨ ᠠᠷᠠᠳ᠎ᠤᠨ ᠵᠠᠰᠠᠭ ᠎ᠤᠨ ᠣᠷᠳᠣᠨ᠂ ᠬᠥᠯᠥᠨ ᠪᠣᠶ᠋ᠢᠷ ᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠳᠠᠭᠠᠭᠠᠴᠢᠯᠠᠨ ᠡᠷᠭᠢᠯᠡᠭᠰᠡᠨ 2024 ᠣᠨ᠎ᠤ 《ᠨᠢᠭᠡ ᠪᠦᠰᠡ ᠨᠢᠭᠡ ᠵᠠᠮ》 ᠲᠠᠭᠠᠤ ᠳᠤᠮᠳᠠᠳᠤ ᠣᠷᠣᠰ ᠮᠣᠩᠭᠣᠯ ᠎ᠤᠨ ᠬᠥᠷᠰᠢ ᠵᠡᠷᠭᠡᠯᠡᠳᠡᠭᠡ ᠭᠠᠵᠠᠷ ᠣᠷᠣᠨ᠎ᠤ ᠵᠠᠯᠠᠭᠤᠴᠤᠳ ᠪᠠᠭᠠᠴᠤᠳ ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠵᠤᠰᠠᠯᠠᠩ ᠤᠢᠷ᠎ᠠ᠎ᠳᠦ ᠮᠠᠨᠵᠤᠤᠷ ᠬᠣᠲᠠ᠎ᠳᠤ ᠶᠠᠪᠤᠬᠳᠠᠪᠠ᠃ ᠲᠤᠰ ᠠᠵᠢᠯᠯᠠᠭ᠎ᠠ ᠨᠢ 《ᠬᠦᠯ ᠪᠥᠮᠪᠥᠭᠡ᠎ᠪᠡᠷ ᠨᠥᠬᠥᠷᠯᠡᠯ᠎ᠵᠢᠡᠨ ᠵᠤᠵᠠᠭᠠᠳᠬᠠᠵᠤ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ》 ᠪᠡᠷ ᠭᠣᠣᠯ ᠰᠡᠳᠦᠪ ᠪᠤᠯᠭᠠᠪᠠ᠃

ᠲᠣᠰ ᠤᠳᠠᠭᠠᠨ᠎ᠤ ᠬᠥᠯ ᠪᠥᠮᠪᠥᠭᠡ᠎ᠶᠢᠨ ᠵᠤᠰᠠᠯᠠᠩ ᠳ᠋ᠤ ᠣᠷᠣᠯᠴᠠᠭᠰᠠᠳ᠎ᠤᠨ ᠬᠡᠪᠴᠢᠶ᠎ᠡ ᠦᠷᠬᠡᠳᠴᠦ᠂ ᠤᠷᠤᠯᠳᠤᠭᠠᠨ᠎ᠤ ᠲᠦᠷᠦᠯ ᠪᠠ ᠠᠵᠢᠯᠯᠠᠭᠠᠨ ᠎ᠤ ᠠᠭᠤᠯᠭ᠎ᠠ ᠵᠢᠨ ᠲᠠᠯ᠎ᠠ ᠪᠡᠷ ᠰᠢᠨ᠎ᠡ ᠬᠤᠪᠢᠷᠠᠯᠲᠠ᠎ᠲᠠᠢ ᠪᠤᠯᠵᠠᠢ᠃ ᠣᠷᠣᠰ ᠎ᠤᠨ ᠬᠣᠯᠪᠣᠭᠠᠨ ᠎ᠤ ᠴᠢᠲ᠋ᠠ ᠬᠣᠲᠠ᠂ ᠢᠷᠺᠦ᠋ᠼᠺ ᠬᠣᠲᠠ᠂ ᠮᠣᠩᠭᠣᠯ ᠤᠯᠤᠰ᠎ᠤᠨ ᠡᠷᠳᠡᠨᠢᠳᠤ ᠬᠣᠲᠠ ᠵᠢᠴᠢ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠪᠠ ᠦᠪᠦᠷ ᠮᠤᠩᠭᠤᠯ ᠵᠡᠷᠭᠡ 11 ᠬᠥᠷᠰᠢ ᠵᠡᠷᠭᠡᠯᠡᠳᠡᠭᠡ ᠭᠠᠵᠠᠷ ᠣᠷᠣᠨ᠎ᠤ 16 ᠲᠥᠯᠥᠭᠡᠯᠡᠭᠴᠢᠳ᠎ᠦᠨ ᠠᠩᠭᠢ᠎ᠶᠢᠨ 300 ᠭᠠᠷᠤᠢ ᠲᠠᠮᠢᠷᠴᠢᠨ ᠣᠷᠣᠯᠴᠠᠵᠠᠢ᠃ ᠤᠷᠤᠯᠳᠤᠭᠠᠨ᠎ᠤ ᠲᠦᠷᠦᠯ ᠳ᠋ᠤ ᠠᠷᠪᠠᠨ ᠨᠢᠭᠡᠨ ᠬᠥᠮᠥᠨ᠎ᠦ ᠳᠦᠷᠢᠮᠲᠦ ᠬᠥᠯ ᠪᠥᠮᠪᠥᠭᠡ᠎ᠶᠢᠨ ᠨᠥᠬᠥᠷᠯᠡᠯ᠎ᠦᠨ ᠤᠷᠤᠯᠳᠤᠭᠠᠨ ᠪᠠ 《ᠪᠠᠶᠠᠰᠬᠤᠯᠠᠩᠲᠤ ᠬᠥᠯ ᠪᠥᠮᠪᠥᠭᠡ》 ᠵᠢᠨ ᠤᠷᠠᠨ ᠰᠠᠢᠬᠠᠨ᠎ᠤ ᠠᠵᠢᠯᠯᠠᠭ᠎ᠠ ᠵᠢ ᠲᠣᠬᠢᠷᠠᠭᠤᠯᠵᠤ᠂ ᠤᠯᠤᠰ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠰᠣᠶᠣᠯ᠎ᠤᠨ ᠰᠣᠯᠢᠯᠴᠠᠭ᠎ᠠ ᠬᠢᠬᠦ ᠪᠠ ᠬᠠᠷᠢᠯᠴᠠᠨ ᠲᠣᠯᠢ ᠪᠤᠯᠭᠠᠬᠤ᠎ᠶᠢ ᠲᠤᠪᠤᠢ᠍ᠢᠯᠭᠠᠪᠠ᠃ ᠠᠵᠢᠯᠯᠠᠭ᠎ᠠ᠎ᠶᠢᠨ ᠠᠭᠤᠯᠭ᠎ᠠ᠎ᠶᠢᠨ ᠲᠠᠯ᠎ᠠ ᠎ᠪᠠᠷ ᠰᠣᠶᠣᠯ᠎ᠤᠨ ᠰᠤᠳᠤᠯᠤᠨ ᠰᠤᠷᠤᠯᠴᠠᠬᠤ ᠰᠣᠯᠢᠯᠴᠠᠭᠠᠨ ᠎ᠤ ᠲᠦᠷᠦᠯ ᠵᠦᠢᠯ᠎ᠢ ᠰᠢᠨ᠎ᠡ ᠪᠡᠷ ᠨᠡᠮᠡᠵᠦ᠂ ᠳᠤᠮᠳᠠᠳᠤ ᠤᠷᠤᠰ ᠮᠣᠩᠭᠣᠯ ᠭᠤᠷᠪᠠᠨ ᠤᠯᠤᠰ ᠎ᠤᠨ ᠵᠠᠯᠠᠭᠤᠴᠤᠳ ᠪᠠᠭᠠᠴᠤᠳ᠎ᠲᠤ ᠬᠥᠯ ᠪᠥᠮᠪᠥᠭᠡ᠎ᠪᠡᠷ ᠬᠦᠬᠦᠷᠭᠡ ᠬᠣᠯᠪᠣᠭᠠᠰᠤ ᠪᠣᠯᠭᠠᠭᠰᠠᠨ ᠰᠣᠶᠣᠯ᠎ᠤᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ ᠦᠭᠬᠦᠭᠰᠡᠨ ᠪᠠᠢᠨ᠎ᠠ᠃

ᠵᠤᠰᠠᠯᠠᠩ᠎ᠤᠨ ᠠᠵᠢᠯᠯᠠᠭ᠎ᠠ ᠨᠢ ᠮᠠᠨᠵᠤᠤᠷ ᠬᠣᠲᠠ ᠶ᠋ᠢᠨ ᠲᠥᠯᠥᠭᠡᠯᠡᠭᠴᠢᠳ᠎ᠦᠨ ᠠᠩᠭᠢ ᠪᠣᠯᠣᠨ ᠮᠣᠩᠭᠣᠯ ᠤᠯᠤᠰ᠎ᠤᠨ ᠡᠷᠳᠡᠨᠢᠳᠤ ᠬᠣᠲᠠ ᠶ᠋ᠢᠨ ᠲᠥᠯᠥᠭᠡᠯᠡᠭᠴᠢᠳ᠎ᠦᠨ ᠠᠩᠭᠢ ᠶ᠋ᠢᠨ ᠤᠷᠤᠯᠳᠤᠭᠠᠨ ᠵᠢᠡᠷ ᠬᠦᠰᠢᠬᠡ ᠪᠠᠨ ᠢᠷᠠᠭᠰᠠᠨ ᠪᠠᠢᠨ᠎ᠠ᠃ ᠵᠤᠰᠠᠯᠠᠩ᠎ᠤᠨ ᠬᠤᠭᠤᠴᠠᠭᠠᠨ᠎ᠳᠤ᠂ ᠠᠵᠢᠯᠯᠠᠭ᠎ᠠ ᠳ᠋ᠤ ᠤᠷᠤᠯᠴᠠᠭᠰᠠᠨ ᠤᠯᠤᠰ ᠎ᠤᠨ ᠲᠤᠳᠤᠭᠠᠳᠤ ᠵᠢᠨ ᠤᠷᠤᠯᠴᠠᠭᠴᠢ ᠵᠢ ᠵᠤᠬᠢᠶᠠᠨ ᠪᠠᠢᠭᠤᠯᠵᠤ᠂ ᠮᠠᠨᠵᠤᠤᠷ ᠎ᠤᠨ ᠤᠯᠤᠰ ᠎ᠤᠨ ᠡᠭᠦᠳᠡᠨ᠎ᠳ᠋ᠡᠬᠢ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠂ ᠬᠤᠪᠢᠰᠬᠠᠯ᠎ᠤᠨ ᠨᠢᠭᠤᠴᠠ ᠵᠠᠮ ᠬᠠᠷᠢᠯᠴᠠᠭᠠᠨ᠎ᠤ ᠱᠤᠭᠤᠮ᠂ ᠬᠤᠪᠢᠰᠬᠠᠯ᠎ᠤᠨ ᠦᠵᠡᠭᠦᠯᠭᠡ ᠎ᠶᠢᠨ ᠲᠢᠩᠬᠢᠮ᠂ 《ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠵᠢᠷᠭᠤᠭᠠᠨ ᠶᠡᠬᠡ ᠦᠵᠡᠰᠬᠦᠯᠡᠩ ᠎ᠦᠨ ᠣᠷᠳᠣᠨ》 ᠵᠡᠷᠭᠡ᠎ᠪᠡᠷ ᠲᠣᠭᠣᠷᠢᠨ ᠦᠵᠡᠬᠦᠯᠵᠦ᠂ ᠵᠤᠰᠠᠯᠠᠩ᠎ᠤᠨ ᠠᠵᠢᠯᠯᠠᠭ᠎ᠠ ᠳ᠋ᠤ ᠤᠷᠤᠯᠴᠠᠭᠰᠠᠨ ᠭᠠᠳᠠᠭᠠᠳᠤ ᠵᠢᠨ ᠰᠤᠷᠤᠭᠴᠢ ᠵᠢ ᠵᠤᠬᠢᠶᠠᠨ ᠪᠠᠢᠭᠤᠯᠵᠤ᠂ ᠮᠠᠨᠵᠤᠤᠷ ᠬᠤᠳᠠ᠎ᠶᠢᠨ ᠮᠦᠽᠧᠢ ᠪᠡᠷ ᠲᠣᠭᠣᠷᠢᠨ ᠦᠵᠡᠭᠦᠯᠵᠠᠢ᠃ ᠡᠬᠦᠨ ᠡᠴᠡ ᠭᠠᠳᠠᠨ᠎ᠠ ᠪᠠᠰᠠ ᠠᠵᠢᠯᠯᠠᠭ᠎ᠠ ᠳ᠋ᠤ ᠤᠷᠤᠯᠴᠠᠭᠰᠠᠨ ᠪᠦᠬᠦ ᠰᠤᠷᠤᠭᠴᠢᠳ ᠢ᠋ ᠵᠤᠬᠢᠶᠠᠨ ᠪᠠᠢᠭᠤᠯᠵᠤ᠂ ᠬᠥᠯᠥᠨ ᠨᠠᠭᠤᠷ᠂ ᠪᠠᠷᠭᠤ ᠮᠤᠩᠭᠤᠯ ᠠᠢᠮᠠᠭ᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠦᠭᠰᠡᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面