ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-15 17:10:18

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠤᠢᠷ᠎ᠠ ᠵᠢᠨ ᠡᠳᠦᠷ᠂ ᠬᠥᠬᠡᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠡᠴᠨ ᠬᠠᠮᠲᠤᠷᠠᠨ ᠡᠷᠭᠢᠯᠡᠭᠰᠡᠨ 2026 ᠣᠨ᠎ᠤ ᠪᠥᠬᠥ ᠬᠣᠲᠠ᠎ᠶᠢᠨ ᠵᠠᠯᠠᠭᠤᠴᠤᠳ ᠪᠠᠭᠠᠴᠤᠳ᠎ᠤᠨ ᠬᠣᠣᠷᠳᠤ ᠡᠳ᠋ ᠢ᠋ ᠴᠠᠭᠠᠵᠠᠯᠠᠬᠤ ᠮᠡᠳᠡᠯᠭᠡ᠎ᠶᠢᠨ ᠤᠷᠤᠯᠳᠤᠭᠠᠨ ᠶᠠᠪᠤᠭᠳᠠᠪᠠ᠃ ᠲᠣᠰ ᠤᠳᠠᠭᠠᠨ᠎ᠤ ᠠᠵᠢᠯᠯᠠᠭ᠎ᠠ ᠨᠢ ᠰᠤᠷᠭᠠᠭᠤᠯᠢ᠎ᠶᠢᠨ ᠬᠦᠷᠢᠶᠡᠨ᠎ᠦ ᠬᠣᠣᠷᠲᠤ ᠡᠳ᠋᠎ᠢ ᠤᠷᠢᠳᠴᠢᠯᠠᠨ ᠰᠡᠷᠭᠡᠢᠯᠡᠬᠦ ᠬᠥᠮᠦᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠤᠷᠤᠯᠳᠤᠭᠠᠨ᠎ᠢᠶᠠᠷ ᠠᠴᠢᠶᠠᠯᠠᠪᠤᠷᠢ ᠪᠣᠯᠭᠠᠨ᠂ ᠵᠠᠯᠠᠭᠤᠴᠤᠳ ᠪᠠᠭᠠᠴᠤᠳ᠎ᠤᠨ ᠬᠣᠣᠷᠳᠤ ᠡᠳ᠋ ᠢ᠋ ᠲᠠᠨᠢᠬᠤ᠂ ᠬᠣᠣᠷᠳᠤ ᠡᠳ᠋ ᠢ᠋ ᠰᠡᠷᠭᠡᠢᠯᠡᠬᠦ᠂ ᠬᠣᠣᠷ ᠲᠠᠲᠠᠬᠤ᠎ᠶᠢ ᠲᠡᠪᠴᠢᠬᠦ ᠴᠢᠳᠠᠪᠤᠷᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ᠎ᠤᠨ ᠬᠣᠣᠷᠳᠤ ᠡᠳ᠋ ᠢ᠋ ᠴᠠᠭᠠᠵᠠᠯᠠᠬᠤ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠪᠠᠲᠤᠳᠬᠠᠪᠠ᠃

ᠲᠣᠰ ᠤᠳᠠᠭ᠎ᠠ ᠵᠢᠨ ᠤᠷᠤᠯᠳᠤᠭᠠᠨ᠎ᠳᠤ ᠵᠢᠯᠤᠭᠤᠳᠤᠬᠴᠢ ᠪᠠᠬᠰᠢ ᠡᠴᠨ ᠰᠢᠨ᠎ᠡ ᠵᠢ ᠡᠬᠦᠳᠦᠨ ᠰᠡᠳᠦᠪ ᠬᠠᠷᠢᠭᠤᠯᠬᠤ ᠭᠤᠬᠴᠤᠭ᠎ᠠ ᠵᠢ ᠲᠤᠬᠢᠷᠠᠭᠤᠯᠵᠤ᠂ ᠪᠠᠭ᠍ᠰᠢ ᠰᠣᠷᠣᠭ᠍ᠴᠢ ᠨᠢᠭᠡ ᠲᠠᠯᠠᠪᠤᠷ᠎ᠲᠤ ᠰᠤᠳᠤᠯᠤᠨ ᠰᠤᠷᠤᠯᠴᠠᠵᠤ᠂ ᠬᠣᠣᠷᠳᠤ ᠡᠳ᠋ ᠢ᠋ ᠴᠠᠭᠠᠵᠠᠯᠠᠬᠤ ᠮᠡᠳᠡᠯᠭᠡ᠎ᠶᠢ ᠬᠠᠮᠲᠤ᠎ᠪᠠᠷ ᠰᠤᠷᠤᠯᠴᠠᠬᠤ ᠵᠢ ᠪᠡᠶᠡᠯᠡᠬᠦᠯᠵᠡᠢ᠃ ᠤᠷᠤᠯᠳᠤᠭᠠᠨ᠎ᠤ ᠶᠠᠪᠤᠴᠠ᠎ᠳᠤ ᠬᠤᠪᠢ ᠬᠥᠮᠥᠨ᠎ᠤ ᠵᠠᠪᠠᠯ ᠬᠠᠷᠢᠭᠤᠯᠬᠤ᠂ ᠪᠦᠯᠬᠦᠮ ᠨᠡᠶ᠋ᠢᠲᠡ ᠵᠢᠨ ᠵᠠᠪᠠᠯ ᠬᠠᠷᠢᠭᠤᠯᠬᠤ᠂ ᠵᠠᠪᠳᠤᠨ ᠬᠠᠷᠢᠭᠤᠯᠬᠤ᠂ ᠦᠨᠳᠦᠷ ᠬᠤᠪᠢ ᠳᠠᠢ ᠰᠡᠳᠦᠪ ᠬᠡᠬᠦ ᠳᠥᠷᠪᠡᠨ ᠶᠡᠬᠡ ᠬᠡᠰᠡᠭ᠎ᠢ ᠪᠠᠭᠲᠠᠭᠠᠵᠤ᠂ ᠬᠤᠪᠢ ᠠᠳᠠᠯᠢ ᠪᠠᠢᠳᠠᠯ ᠳᠣᠣᠷ᠎ᠠ 《ᠨᠢᠭᠡ ᠠᠯᠤᠬ᠎ᠠ᠎ᠪᠠᠷ ᠲᠤᠬᠳᠠᠭᠠᠬᠤ》 ᠨᠡᠮᠡᠯᠲᠡ ᠤᠷᠤᠯᠳᠤᠭᠠᠨ᠎ᠢᠶᠠᠷ ᠨᠡᠷᠡᠰ᠎ᠦᠨ ᠳᠠᠷᠠᠭᠠᠯᠠᠯ᠎ᠢ ᠲᠤᠬᠳᠠᠭᠠᠵᠠᠢ᠃ ᠡᠯ᠎ᠡ ᠤᠷᠤᠯᠳᠤᠭᠠᠨ᠎ᠳᠤ ᠣᠷᠣᠯᠴᠠᠭᠰᠠᠨ ᠲᠥᠯᠥᠭᠡᠯᠡᠭᠴᠢᠳ᠎ᠦᠨ ᠠᠩᠭᠢ ᠯᠠᠪᠳᠠᠭᠤᠨ᠎ᠢᠶᠠᠷ ᠰᠡᠳᠦᠪ ᠬᠠᠷᠢᠭᠤᠯᠵᠤ᠂ ᠰᠠᠢᠳᠤᠷ ᠬᠠᠮᠵᠢᠯᠴᠠᠵᠤ᠂ ᠤᠷᠤᠯᠳᠤᠭᠠᠨ᠎ᠤ ᠲᠠᠯᠠᠪᠤᠷ᠎ᠤᠨ ᠠᠭᠤᠷ ᠠᠮᠢᠰᠬᠤᠯ ᠬᠥᠷ ᠬᠥᠭᠵᠢᠶᠡᠨᠲᠡᠢ ᠪᠠᠢᠯ᠎ᠠ᠃

ᠬᠤᠷᠴᠠ ᠰᠢᠷᠦᠭᠦᠨ ᠦᠷᠢᠰᠦᠯᠳᠦᠬᠡᠨ᠎ᠢᠶᠡᠷ ᠲᠠᠮᠵᠢᠨ᠂ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭᠠᠷ ᠳᠡᠰ᠎ᠤᠨ ᠱᠠᠩᠨᠠᠯ 2᠂ ᠭᠤᠷᠪᠠᠳᠤᠭᠠᠷ ᠳᠡᠰ᠎ᠤᠨ ᠱᠠᠩᠨᠠᠯ 3᠂ ᠰᠢᠯᠢᠳᠡᠭ ᠱᠠᠩᠨᠠᠯ 5 ᠵᠢ ᠰᠢᠯᠭᠠᠷᠠᠭᠤᠯᠤᠨ ᠭᠠᠷᠭᠠᠵᠦ᠂ ᠱᠠᠩᠨᠠᠯ ᠣᠯᠣᠭᠰᠠᠨ ᠡᠩᠨᠡᠭᠡ᠎ᠳᠦ ᠳᠡᠰ ᠳᠠᠷᠠᠭᠠᠯᠠᠨ ᠱᠠᠩᠨᠠᠯ ᠭᠠᠷᠳᠠᠭᠤᠯᠪᠠ᠃ ᠲᠣᠰ ᠤᠳᠠᠭᠠᠨ᠎ᠤ ᠤᠷᠤᠯᠳᠤᠭᠠᠨ᠎ᠳᠤ ᠪᠠᠰᠠ ᠲᠤᠬᠠᠢ᠎ᠶᠢᠨ ᠲᠠᠯᠠᠪᠠᠶ᠎ᠶᠢᠨ ᠦᠨᠡᠯᠡᠯᠲᠡ ᠬᠢᠵᠦ᠂ ᠬᠦᠬᠡᠬᠣᠲᠠ᠎ᠶᠢᠨ ᠰᠤᠷᠭᠠᠭᠤᠯᠢ᠎ᠶᠢᠨ ᠬᠦᠷᠢᠶᠡᠨ᠎ᠦ ᠬᠣᠣᠷᠲᠤ ᠡᠳ᠋᠎ᠢ ᠤᠷᠢᠳᠴᠢᠯᠠᠨ ᠰᠡᠷᠭᠡᠢᠯᠡᠬᠦ ᠬᠥᠮᠦᠵᠢᠯ᠎ᠦᠨ ᠠᠵᠢᠯ᠎ᠤᠨ ᠦᠷ᠎ᠡ ᠪᠦᠲᠦᠮᠵᠢ᠎ᠶᠢ ᠭᠦᠢᠴᠡᠳ ᠨᠤᠲᠠᠯᠠᠭᠰᠠᠨ ᠪᠥᠭᠡᠳ ᠥᠷᠭᠡᠨ ᠣᠯᠠᠨ ᠵᠠᠯᠠᠭᠤᠴᠤᠳ ᠪᠠᠭᠠᠴᠤᠳ᠎ᠲᠤ ᠬᠣᠣᠷᠳᠤ ᠡᠳ᠋ ᠢ᠋ ᠰᠡᠷᠭᠡᠢᠯᠡᠬᠦ ᠬᠣᠷᠢᠭ᠎ᠠ ᠱᠤᠭᠤᠮ᠎ᠢ ᠪᠠᠲᠤ ᠰᠠᠬᠢᠵᠤ᠂ ᠤᠬᠠᠮᠰᠠᠷ ᠡᠴᠨ᠎ᠪᠠᠨ ᠡᠯ᠎ᠡ ᠲᠥᠷᠥᠯ᠎ᠦᠨ ᠬᠣᠣᠷᠲᠤ ᠡᠳ᠋᠎ᠡᠴᠡ ᠬᠣᠯᠠᠳᠠᠵᠤ᠂ ᠬᠣᠣᠷᠲᠤ ᠡᠳ᠋᠎ᠢ ᠴᠠᠭᠠᠵᠠᠯᠠᠬᠤ ᠤᠬᠠᠭᠤᠯᠭ᠎ᠠ᠎ᠳᠤ ᠰᠠᠨᠠᠭᠠᠴᠢᠯᠠᠭ᠎ᠠ᠎ᠡᠴᠨ ᠎ᠪᠠᠨ ᠣᠷᠣᠯᠴᠠᠵᠤ᠂ ᠬᠣᠣᠷᠲᠤ ᠡᠳ᠋᠎ᠢ ᠴᠠᠭᠠᠵᠠᠯᠠᠬᠤ ᠰᠠᠢᠨ ᠳᠤᠷ᠎ᠠ᠎ᠶᠢᠨ ᠤᠬᠠᠭᠤᠯᠤᠭ᠍ᠴᠢ ᠪᠣᠯᠬᠤ᠎ᠪᠠᠷ ᠴᠢᠷᠮᠠᠢᠬᠤ ᠵᠢ ᠤᠷᠢᠶᠠᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面