2026-10-16 10:30:11
ᠰᠤᠷᠪᠤᠯᠵᠢᠯᠠᠭᠴᠢ᠎ᠶᠢᠨ ᠤᠢᠷ᠎ᠡ ᠵᠢᠨ ᠡᠳᠦᠷ ᠰᠤᠷᠭᠠᠨ ᠬᠥᠮᠦᠵᠢᠯ᠎ᠦᠨ ᠶᠠᠮᠤᠨ᠎ᠳᠤ ᠬᠤᠷᠠᠯᠳᠤᠭᠤᠯᠤᠭᠰᠠᠨ 2026 ᠣᠨ᠎ᠤ ᠳᠡᠯᠡᠬᠡᠶ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠶᠡᠬᠡ ᠬᠤᠷᠠᠯ᠎ᠤᠨ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ᠎ᠡᠴᠡ ᠣᠶ᠋ᠢᠯᠠᠭᠠᠭᠰᠠᠨ ᠵᠢᠡᠷ᠂ ᠮᠠᠨ᠎ᠤ ᠤᠯᠤᠰ ᠡᠴᠡ ᠲᠦᠷᠦᠭᠦᠯᠡᠨ ᠠᠬᠢᠭᠤᠯᠵᠤ ᠰᠤᠳᠤᠯᠤᠨ ᠪᠦᠷᠢᠯᠳᠦᠬᠦᠯᠦᠭᠰᠡᠨ ᠠᠩᠬᠠᠳᠠᠭᠴᠢ ᠣᠯᠠᠨ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ ᠪᠣᠯᠬᠤ 《ᠪᠡᠭᠡᠵᠢᠩ᠎ᠦᠨ ᠵᠥᠪᠯᠡᠯᠴᠡᠭᠡᠷ》 ᠢ᠋ ᠤᠳᠠᠯ ᠥᠬᠡᠶ ᠨᠡᠶ᠋ᠢᠲᠡᠯᠡᠬᠦ᠌᠎ᠪᠡᠷ ᠪᠤᠢ᠃
ᠣᠶ᠋ᠢᠯᠠᠭᠠᠭᠰᠠᠨ᠎ᠢᠶᠠᠷ᠂ 《ᠪᠡᠭᠡᠵᠢᠩ᠎ᠦᠨ ᠵᠥᠪᠯᠡᠯᠴᠡᠭᠡᠷ》᠎ᠨᠢ ᠮᠠᠨ᠎ᠤ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠦᠢᠯᠡᠳᠦᠯᠭᠡ᠎ᠪᠡᠷ ᠰᠠᠭᠤᠷᠢ ᠪᠣᠯᠭᠠᠵᠤ᠂ ᠳᠡᠯᠡᠬᠡᠶ᠎ᠶᠢᠨ ᠡᠯ᠎ᠡ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠲᠤᠷᠰᠢᠯᠭ᠎ᠠ᠎ᠶᠢ ᠰᠢᠩᠭᠡᠭᠡᠨ ᠠᠪᠴᠤ᠌᠂ ᠪᠢᠴᠢᠭ ᠮᠠᠲᠸᠷᠢᠶᠠᠯ ᠨᠢ ᠳᠡᠯᠡᠬᠡᠶ᠎ᠶᠢᠨ ᠡᠯ᠎ᠡ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠷᠭᠡᠨ᠎ᠢᠶᠡᠷ ᠠᠩᠬᠠᠷᠴᠤ᠌ ᠪᠠᠶ᠋ᠢᠭ᠎ᠠ ᠥᠷᠲᠡᠭ᠂ ᠰᠢᠰᠲ᠋ᠧᠮ᠂ ᠵᠠᠰᠠᠯᠲᠠ᠂ ᠪᠠᠲᠤᠯᠠᠭ᠎ᠠ᠂ ᠠᠵᠢᠯᠯᠠᠭ᠎ᠠ ᠵᠡᠷᠭᠡ ᠬᠡᠰᠡᠭ᠎ᠢ ᠬᠠᠮᠤᠷᠴᠤ᠌᠂ ᠪᠥᠬᠥ᠌ ᠪᠥᠮᠪᠥᠷᠴᠡᠭ᠎ᠦᠨ ᠶᠠᠰᠤ ᠴᠢᠨᠠᠷ᠎ᠤᠨ ᠭᠡᠷᠡᠴᠢᠯᠡᠯ ᠪᠠ ᠬᠠᠷᠢᠯᠴᠠᠨ ᠮᠡᠳᠡᠷᠡᠬᠦ᠌ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠡᠯ᠎ᠡ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠠᠷᠢᠮᠵᠢᠶ᠎ᠠ ᠪᠠ ᠠᠵᠢᠯ ᠮᠡᠷᠭᠡᠵᠢᠯ᠎ᠦᠨ ᠬᠢᠷᠢ ᠬᠡᠮ᠎ᠦᠨ ᠬᠠᠷᠢᠯᠴᠠᠨ ᠨᠡᠪᠲᠡᠷᠡᠯᠴᠡᠵᠦ᠍ ᠬᠠᠷᠢᠯᠴᠠᠨ ᠮᠡᠳᠡᠷᠡᠬᠦ᠌᠎ᠶᠢ ᠠᠬᠢᠭᠤᠯᠬᠤ᠎ᠶᠢᠨ ᠲᠥᠯᠥᠭᠡ ᠶᠤᠮ᠃
ᠰᠤᠷᠭᠠᠨ ᠬᠥᠮᠦᠵᠢᠯ᠎ᠦᠨ ᠶᠠᠮᠤᠨ᠎ᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠬᠢᠭᠡᠳ ᠨᠠᠰᠤᠨ᠎ᠳᠤ ᠭᠦᠷᠦᠭᠰᠡᠳ᠎ᠦᠨ ᠰᠤᠷᠭᠠᠨ ᠬᠥᠮᠦᠵᠢᠯ᠎ᠦᠨ ᠵᠤᠷᠭᠠᠨ᠎ᠤ ᠳᠠᠷᠤᠭ᠎ᠠ ᠫᠸᠩ ᠪᠢᠨ ᠪᠠᠢ ᠵᠢᠨ ᠲᠠᠨᠢᠯᠴᠠᠭᠤᠯᠤᠬᠰᠡᠨ ᠵᠢᠡᠷ᠂《ᠵᠦᠪᠯᠡᠯᠴᠡᠭᠡᠷ ᠤ᠋ᠨ ᠪᠢᠴᠢᠭᠮᠠᠲᠸᠷᠢᠶᠠᠯ ᠢ᠋ ᠰᠤᠳᠤᠯᠤᠨ ᠨᠠᠢᠷᠠᠭᠤᠯᠤᠬᠰᠡᠨ ᠵᠢᠯ ᠭᠠᠷᠤᠶ᠎ᠶᠢᠨ ᠬᠤᠭᠤᠴᠠᠭᠠᠨ᠎ᠳᠤ᠂ ᠪᠢᠳᠡ ᠤᠷᠢᠳ ᠬᠣᠵᠢᠳ 40 ᠭᠠᠷᠤᠶ ᠤᠯᠤᠰ᠎ᠤᠨ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠂ ᠠᠵᠤ ᠦᠢᠯᠡᠰ᠎ᠦᠨ ᠰᠠᠯᠠᠭ᠎ᠠ ᠮᠥᠴᠢᠷ᠂ ᠠᠵᠢᠯ ᠲᠥᠷᠥᠯ᠎ᠦᠨ ᠨᠡᠶ᠋ᠢᠭᠡᠮᠯᠢᠭ ᠵᠡᠷᠭᠡ᠎ᠶᠢ ᠤᠷᠢᠵᠤ ᠵᠥᠪᠳᠡᠯᠴᠡᠬᠦ᠌᠂ ᠶᠠᠷᠢᠯᠴᠠᠬᠤ᠎ᠳᠤ ᠣᠷᠣᠯᠴᠠᠭᠤᠯᠤᠨ᠂ ᠲᠠᠰᠤᠷᠠᠯᠲᠠ ᠥᠬᠡᠶ ᠲᠡᠭᠦᠯᠳᠡᠷᠵᠢᠭᠦᠯᠪᠠ》᠃ ᠣᠲᠣᠬᠠᠨ ᠪᠣᠯᠲᠠᠯ᠎ᠠ᠂ ᠨᠢᠭᠡᠨᠳᠠ 46 ᠤᠯᠤᠰ ᠮᠡᠳᠡᠷᠡᠵᠦ᠍ ᠪᠠᠶ᠋ᠢᠨ᠎ᠠ᠃
ᠵᠥᠪᠯᠡᠯᠴᠡᠭᠡᠷ᠎ᠢ 2026 ᠣᠨ᠎ᠤ ᠳᠡᠯᠡᠬᠡᠢ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠶᠡᠬᠡ ᠬᠤᠷᠠᠯ᠎ᠤᠨ ᠰᠠᠶ᠋ᠢᠳ᠎ᠤᠨ ᠲᠡᠰ᠎ᠤᠨ ᠳᠤᠭᠤᠷᠠᠭ ᠰᠢᠷᠡᠭᠡᠨ᠎ᠦ ᠬᠤᠷᠠᠯ ᠳᠡᠭᠡᠷ᠎ᠡ ᠶᠠᠷᠢᠯᠴᠠᠨ ᠪᠠᠲᠤᠯᠠᠬᠤ᠎ᠶᠢᠨ ᠬᠠᠮᠲᠤ᠌ ᠶᠡᠬᠡ ᠬᠤᠷᠠᠯ᠎ᠤᠨ ᠲᠡᠭᠦᠰᠬᠦ᠌ ᠶᠣᠰᠣᠯᠠᠯ ᠳᠡᠭᠡᠷ᠎ᠡ ᠵᠢᠩᠬᠢᠨᠢ᠎ᠪᠡᠷ ᠨᠡᠶ᠋ᠢᠲᠡᠯᠡᠨ᠎ᠡ᠃ ᠵᠦᠪᠯᠡᠯᠴᠡᠭᠡᠷ᠎ᠢ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠬᠣᠯᠪᠣᠭᠳᠠᠯ ᠪᠥᠬᠥᠶ ᠤᠯᠤᠰ᠂ ᠠᠵᠢᠯ ᠲᠥᠷᠥᠯ᠎ᠦᠨ ᠵᠣᠬᠢᠶᠠᠨ ᠪᠠᠶ᠋ᠢᠭᠤᠯᠤᠯᠲᠠ ᠪᠠᠰᠠ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠠᠮᠲᠤᠷᠠᠯᠴᠠᠭᠠᠨ᠎ᠤ ᠣᠶ᠋ᠢᠯᠠᠭᠠᠯᠴᠠᠭᠠᠨ ᠤ᠋ ᠰᠠᠨᠠᠮᠵᠢ ᠵᠢᠨ ᠪᠢᠴᠢᠭ ᠲᠤ᠌ ᠭᠠᠷᠤᠨ ᠥᠰᠥᠭ ᠵᠢᠷᠤᠬᠤ ᠪᠣᠯᠤᠨ᠎ᠠ᠃ ᠣᠳᠣᠬᠠᠨ ᠪᠣᠯᠲᠠᠯ᠎ᠠ᠂ ᠮᠠᠨ᠎ᠤ ᠤᠯᠤᠰ ᠨᠢᠭᠡᠨᠲᠡ 20 ᠭᠠᠷᠤᠢ ᠤᠯᠤᠰ᠂ 6 ᠬᠦᠷᠢᠶᠡᠨ᠎ᠳ᠋ᠡᠬᠢ ᠠᠵᠢᠯ ᠲᠦᠷᠦᠯ᠎ᠦᠨ ᠵᠣᠬᠢᠶᠠᠨ ᠪᠠᠶ᠋ᠢᠭᠤᠯᠤᠯᠲᠠ᠎ᠯᠤᠭ᠎ᠠ ᠭᠠᠷᠤᠨ ᠦᠰᠦᠭ ᠵᠢᠷᠤᠬᠤ ᠪᠤᠶᠤ ᠭᠠᠷ ᠤ᠋ᠨ ᠦᠰᠦᠭ ᠵᠢᠷᠤᠬᠤ ᠰᠠᠨᠠᠮᠵᠢ ᠲᠤᠬᠢᠷᠠᠯᠴᠠᠵᠠᠢ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃