ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-19 11:17:06

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ 2026 — 2028 ᠰᠤᠷᠤᠯᠭ᠎ᠠ᠎ᠶᠢᠨ ᠣᠨ ᠤ᠋ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠦᠬᠦ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ ᠪᠠ ᠪᠦᠬᠦ ᠤᠯᠤᠰ᠎ᠤᠨ ᠴᠢᠨᠠᠷᠳᠠᠢ ᠤᠷᠤᠯᠳᠤᠭᠠᠨ᠎ᠤ ᠠᠵᠢᠯᠯᠠᠭ᠎ᠠ ᠵᠢᠨ ᠨᠡᠷᠡᠰ᠎ᠢ ᠨᠡᠢᠳᠡᠯᠡᠪᠡ᠃ ᠡᠬᠦᠨ ᠳ᠋ᠤ 11 ᠵᠦᠢᠯ᠎ᠤᠨ ᠤᠷᠤᠯᠳᠤᠭᠠᠨ᠎ᠢ 2026 ︱ 2028 ᠰᠤᠷᠤᠯᠭ᠎ᠠ᠎ᠶᠢᠨ ᠣᠨ᠎ᠤ᠋ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ  ᠤᠷᠤᠯᠳᠤᠭᠠᠨ᠎ᠤ ᠠᠵᠢᠯᠯᠠᠭ᠎ᠠ ᠪᠡᠷ ᠲᠠᠩᠰᠠᠯᠠᠭᠤᠯᠵᠤ᠂ 5 ᠵᠦᠢᠯ᠎ᠦᠨ ᠤᠷᠤᠯᠳᠤᠭᠠᠨ᠎ᠢ ᠪᠥᠬᠥ ᠤᠯᠤᠰ᠎ᠤᠨ  ᠴᠢᠨᠠᠷᠲᠠᠢ  ᠤᠷᠤᠯᠳᠤᠭᠠᠨ᠎ᠤ  ᠠᠵᠢᠯᠯᠠᠭ᠎ᠠ᠎ᠪᠡᠷ  ᠳᠠᠩᠰᠠᠯᠠᠭᠤᠯᠤᠨ ᠪᠠᠳᠤᠯᠠᠪᠠ᠃

《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠬᠠᠨᠳᠤᠭᠤᠯᠤᠭᠰᠠᠨ ᠪᠥᠬᠥ ᠣᠷᠣᠨ᠎ᠤ ᠴᠢᠨᠠᠷᠲᠠᠢ ᠤᠷᠤᠯᠳᠤᠭᠠᠨ᠎ᠤ ᠠᠵᠢᠯᠯᠠᠭ᠎ᠠ᠎ᠶᠢᠨ ᠬᠠᠮᠢᠶᠠᠷᠤᠯᠲᠠ᠎ᠶᠢᠨ ᠠᠷᠭ᠎ᠠ〉 ᠵᠢ ᠳᠠᠷᠤᠮᠠᠯᠯᠠᠨ ᠳᠠᠷᠬᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ᠎ᠦᠨ ᠮᠡᠳᠡᠭᠳᠡᠯ》 ᠤ᠋ᠨ ᠵᠣᠷᠢᠭ᠋ ᠰᠠᠨᠠᠭ᠎ᠠ᠎ᠶᠢ ᠦᠨᠳᠦᠰᠦᠯᠡᠨ᠂ ᠭᠣᠣᠯᠯᠠᠨ ᠡᠷᠭᠢᠯᠡᠬᠦ ᠨᠢᠭᠡᠴᠢ᠎ᠡᠴᠡ ᠪᠡᠶ᠎ᠡ᠎ᠪᠡᠨ ᠳᠠᠭᠠᠭᠠᠨ ᠭᠤᠶᠤᠴᠢᠯᠠᠨ ᠮᠡᠳᠡᠭᠦᠯᠬᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ ᠬᠢᠨᠠᠨ ᠰᠢᠯᠭᠠᠷᠠᠭᠤᠯᠬᠤ᠎ᠪᠠᠷ ᠳᠡᠮᠵᠢᠨ᠂ ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ᠎ᠤᠨ ᠳᠤᠭᠠᠴᠢᠯᠠᠭᠰᠠᠨ ᠬᠡᠪ ᠪᠤᠯᠪᠠᠰᠤᠷᠠᠯ ᠎ᠢ ᠳᠡᠬᠡᠭᠰᠢᠯᠡᠬᠦᠯᠬᠦ ᠦᠢᠯᠡᠳᠦᠯᠬᠡ ᠵᠢᠨ ᠠᠵᠢᠯᠯᠠᠭ᠎ᠠ᠂ 《ᠦᠨᠳᠦᠰᠦᠳᠡᠨ᠎ᠤ ᠪᠦᠯᠬᠦᠮᠳᠡᠯ ᠳᠠᠪᠰᠢᠯᠳᠠ ᠵᠢᠨ ᠰᠠᠭᠤᠷᠢ ᠵᠢ ᠪᠠᠳᠤᠳᠬᠠᠵᠤ᠂ ᠰᠢᠨ᠎ᠡ ᠴᠠᠭ ᠦᠶ᠎ᠠ ᠵᠢᠨ ᠪᠠᠭᠠᠴᠤᠳ ᠪᠤᠯᠬ》 ᠪᠡᠷ ᠭᠤᠤᠯ ᠰᠡᠳᠦᠪ ᠪᠤᠯᠭᠠᠭᠰᠠᠨ ᠰᠤᠶᠤᠯ᠎ᠤᠨ ᠪᠢᠴᠢᠬᠠᠨ ᠡᠯᠴᠢ ᠪᠤᠯᠬᠤ ᠰᠢᠷᠢᠰ ᠠᠵᠢᠯᠯᠠᠭ᠎ᠠ᠂ ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ᠎ᠤᠨ  《ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠦᠨ ᠢᠷᠡᠬᠡᠳᠦᠢ ᠵᠢ ᠴᠤᠭᠴᠠᠯᠠᠬᠤ》 ᠤᠷᠤᠯᠳᠤᠭᠠᠨ᠎ᠤ ᠠᠵᠢᠯᠯᠠᠭ᠎ᠠ᠂ ᠦᠪᠦᠷ ᠮᠤᠩᠭᠤᠯ᠎ᠤᠨ ᠵᠠᠯᠠᠭᠤᠴᠤᠳ ᠪᠠᠭᠠᠴᠤᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠬᠦ ᠵᠢᠴᠢ ᠰᠢᠨ᠎ᠡ ᠵᠢ ᠡᠬᠦᠳᠬᠦ ᠦᠢᠯᠡᠳᠦᠯᠬᠡ ᠵᠢᠨ ᠤᠷᠤᠯᠳᠤᠭᠠᠨ᠂ ᠦᠪᠦᠷ ᠮᠤᠩᠭᠤᠯ᠎ᠤᠨ ᠵᠦᠬᠡᠯᠡᠨ ᠪᠤᠢᠺᠤ ᠪᠦᠮᠪᠦᠬᠡ ᠵᠢᠨ ᠮᠡᠷᠬᠡᠵᠢᠯ᠎ᠤᠨ ᠤᠷᠤᠯᠳᠤᠭᠠᠨ᠂ ᠦᠪᠦᠷ ᠮᠤᠩᠭᠤᠯ᠎ᠤᠨ ᠳᠠᠮᠢᠷ᠎ᠤᠨ ᠰᠤᠶᠤᠯ᠎ᠤᠨ ᠪᠦᠳᠦᠬᠡᠯ᠎ᠢ ᠡᠯᠰᠡᠨ ᠴᠤᠭᠯᠠᠭᠤᠯᠬᠤ ᠠᠵᠢᠯᠯᠠᠭ᠎ᠠ᠂ ᠦᠪᠦᠷ ᠮᠤᠩᠭᠤᠯ᠎ᠤᠨ ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ᠎ᠤᠨ ᠰᠢᠨᠵᠢᠯᠡᠬᠦ ᠤᠬᠠᠭᠠᠨ ᠪᠠ ᠳᠤᠷᠰᠢᠯᠳᠠ ᠵᠢᠨ ᠴᠢᠳᠠᠪᠤᠷᠢ ᠵᠢᠨ ᠦᠢᠯᠡᠳᠦᠯᠬᠡ ᠵᠢᠨ ᠠᠵᠢᠯᠯᠠᠭ᠎ᠠ᠂ ᠦᠪᠦᠷ ᠮᠤᠩᠭᠤᠯ᠎ᠤᠨ ᠵᠠᠯᠠᠭᠤᠴᠤᠳ ᠪᠠᠭᠠᠴᠤᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠶᠡᠷᠦᠩᠬᠡᠢᠯᠡᠭᠰᠡᠨ ᠦᠢᠯᠡᠳᠦᠯᠬᠡ ᠵᠢᠨ ᠠᠵᠢᠯᠯᠠᠭ᠎ᠠ᠂ ᠦᠪᠦᠷ ᠮᠤᠩᠭᠤᠯ᠎ᠤᠨ 《ᠴᠡᠪᠡᠷ ᠴᠠᠢᠯᠭᠠᠨ ᠪᠠᠭᠠᠴᠤᠳ· ᠳᠤᠭᠠᠴᠢᠯᠠᠯᠳᠠ ᠤᠶᠤᠨᠴᠢᠯᠠᠯᠳᠠ ᠪᠡᠷ ᠴᠢᠳᠠᠪᠤᠷᠢ ᠤᠯᠭᠤᠬᠤ》 ᠳᠤᠮᠳᠠᠳᠤ ᠪᠠᠭ᠎ᠠ ᠰᠤᠷᠭᠠᠭᠤᠯᠢ ᠵᠢᠨ ᠰᠤᠷᠤᠭᠴᠢᠳ᠎ᠤᠨ ᠰᠦᠯᠵᠢᠶᠡᠨ᠎ᠤ ᠪᠤᠯᠪᠠᠰᠤᠨ ᠪᠠ ᠳᠤᠭᠠᠴᠢᠯᠠᠭᠰᠠᠨ ᠬᠡᠪ ᠪᠤᠯᠪᠠᠰᠤᠷᠠᠯ᠎ᠤᠨ ᠰᠢᠨ᠎ᠡ ᠵᠢ ᠡᠬᠦᠳᠬᠦ ᠦᠢᠯᠡᠳᠦᠯᠬᠡ ᠵᠢᠨ ᠠᠵᠢᠯᠯᠠᠭ᠎ᠠ᠂ ᠦᠪᠦᠷ ᠮᠤᠩᠭᠤᠯ᠎ᠤᠨ  ᠵᠠᠯᠠᠭᠤᠴᠤᠳ ᠪᠠᠭᠠᠴᠤᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠦᠷᠢᠰᠦᠯᠳᠦᠬᠡᠨᠳᠤ ᠤᠷᠤᠯᠳᠤᠭᠠᠨ ᠵᠡᠷᠬᠡ 11 ᠠᠵᠢᠯᠯᠠᠭ᠎ᠠ ᠵᠢ ᠪᠦᠬᠦ ᠤᠷᠤᠨ᠎ᠤ ᠴᠢᠨᠠᠷᠳᠠᠢ ᠤᠷᠤᠯᠳᠤᠭᠠᠨ᠎ᠤ ᠠᠵᠢᠯᠯᠠᠭ᠎ᠠ ᠪᠡᠷ ᠳᠤᠭᠳᠠᠭᠠᠵᠤ᠂ ᠳᠡᠯᠡᠬᠡᠢ ᠵᠢᠨ ᠮᠠᠰᠢᠨ ᠬᠦᠮᠦᠨ᠎ᠤ ᠴᠤᠭᠯᠠᠭᠠᠨ᠎ᠤ ᠵᠠᠯᠠᠭᠤᠴᠤᠳ ᠪᠠᠭᠠᠴᠤᠳ᠎ᠤᠨ ᠮᠠᠰᠢᠨ ᠬᠦᠮᠦᠨ᠎ᠢ ᠵᠢᠷᠤᠵᠤ ᠲᠦᠯᠦᠪᠯᠡᠬᠦ ᠪᠠ ᠮᠡᠳᠡᠬᠡ ᠵᠠᠩᠬᠢ ᠵᠢᠨ ᠬᠡᠪ ᠪᠤᠯᠪᠠᠰᠤᠷᠠᠯ᠎ᠤᠨ ᠤᠷᠤᠯᠳᠤᠭᠠᠨ᠂ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠬᠦᠳᠬᠦ ᠤᠷᠤᠯᠳᠤᠭᠠᠨ᠂ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ᠎ᠤ ᠬᠠᠢᠯᠳᠠ ᠵᠠᠭᠪᠤᠷ ᠪᠠᠢᠭᠤᠯᠬᠤ ᠴᠢᠳᠠᠪᠤᠷᠢ ᠵᠢᠨ ᠤᠷᠤᠯᠳᠤᠭᠠᠨ᠂ ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠬᠦᠳᠡᠯᠮᠦᠷᠢ ᠵᠢᠨ ᠴᠢᠳᠠᠪᠤᠷᠢ ᠪᠠ ᠤᠶᠤᠨᠴᠢ ᠵᠢᠷᠤᠭ ᠲᠦᠯᠦᠪᠯᠡᠬᠡ ᠵᠢᠨ ᠤᠷᠤᠯᠳᠤᠭᠠᠨ᠂ ᠰᠦᠩ ᠴᠢᠩ ᠯᠢᠩ ᠪᠠᠭᠠᠴᠤᠳ ᠬᠡᠦᠬᠡᠳ᠎ᠤᠨ ᠰᠢᠨ᠎ᠡ ᠡᠬᠦᠳᠦᠯᠳᠡ ᠵᠢᠨ ᠱᠠᠩᠨᠠᠯ ᠵᠡᠷᠬᠡ 5 ᠤᠷᠤᠯᠳᠤᠭᠠᠨ (ᠦᠪᠦᠷ ᠮᠤᠩᠭᠤᠯ᠎ᠤᠨ ᠳᠤᠭᠤᠷᠢᠭ᠎ᠤᠨ ᠤᠷᠤᠯᠳᠤᠭᠠᠨ)  ᠢ᠋ ᠪᠦᠬᠦ ᠤᠯᠤᠰ᠎ᠤᠨ ᠴᠢᠨᠠᠷᠳᠠᠢ ᠤᠷᠤᠯᠳᠤᠭᠠᠨ ᠵᠢᠡᠷ ᠳᠤᠭᠳᠠᠭᠠᠵᠠᠢ᠃

ᠤᠷᠤᠯᠳᠤᠭᠠᠨ᠎ᠢ ᠨᠡᠢᠳᠡᠯᠡᠭᠰᠡᠨ ᠡᠳᠦᠷ ᠡᠴᠡ 2028 ᠣᠨ᠎ᠤ 8 ᠰᠠᠷ᠎ᠠ᠎ᠶᠢᠨ 31᠎ᠤ᠋ ᠡᠳᠦᠷ ᠪᠣᠯᠲᠠᠯ᠎ᠠ ᠡᠷᠬᠢᠯᠡᠵᠦ᠂ ᠵᠢᠯ ᠪᠦᠷᠢ ᠨᠢᠭᠡ ᠤᠳᠠᠭ᠎ᠠ ᠠ᠋ᠴᠠ ᠬᠡᠲᠦᠷᠡᠭᠦᠯᠵᠦ ᠪᠣᠯᠬᠤ ᠦᠭᠡᠢ᠃ ᠤᠷᠤᠯᠳᠤᠭᠠᠨ᠎ᠤ ᠦᠷ᠎ᠡ ᠳ᠋ᠦᠩ᠎ᠢ ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ ᠡᠯᠰᠡᠬᠦ ᠦᠨᠳᠦᠰᠦᠯᠡᠯ ᠪᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠰᠢᠯᠭᠠᠯᠲᠠ᠎ᠶᠢᠨ ᠬᠤᠪᠢ ᠨᠡᠮᠡᠬᠦ ᠲᠥᠷᠥᠯ ᠵᠦᠢᠯ ᠪᠣᠯᠭᠠᠵᠤ ᠪᠣᠯᠬᠤ ᠦᠭᠡᠢ᠃ ᠤᠷᠤᠯᠳᠤᠭᠠᠨ᠎ᠢ ᠭᠣᠣᠯᠯᠠᠨ ᠡᠷᠭᠢᠯᠡᠬᠦ ᠪᠤᠶᠤ ᠳᠠᠭᠠᠭᠠᠨ ᠡᠷᠬᠢᠯᠡᠬᠦ ᠨᠢᠬᠡᠴᠢ ᠨᠡᠶ᠋ᠢᠲᠡ᠎ᠶᠢᠨ ᠠᠰᠠᠷᠠᠮᠵᠢ᠎ᠶᠢᠨ ᠰᠢᠨᠵᠢ ᠴᠢᠨᠠᠷ᠎ᠢ ᠪᠠᠷᠢᠮᠲᠠᠯᠠᠨ ᠰᠦᠢᠳᠬᠡᠯ ᠬᠤᠷᠢᠶᠠᠬᠤ ᠦᠭᠡᠢ ᠪᠠᠢᠵᠤ᠂ ᠤᠷᠤᠯᠳᠤᠭᠠᠨ᠎ᠢ ᠡᠷᠬᠡ ᠲᠡᠭᠰᠢ ᠲᠥᠪ ᠭᠣᠥᠯᠴᠢ᠎ᠪᠠᠷ  ᠶᠠᠪᠤᠭᠳᠠᠭᠤᠯᠬᠤ ᠬᠡᠷᠡᠭᠳᠡᠢ ᠬᠡᠵᠦ ᠦᠪᠡᠷᠳᠡᠬᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠳᠢᠩᠬᠢᠮ ᠡᠴᠡ ᠱᠠᠭᠠᠷᠳᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面