ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-21 12:03:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ ᠥᠪᠥᠷ ᠮᠣᠩᠭᠣᠯ ᠨᠢᠭᠡᠨᠲᠡ 3710 ᠲᠦᠮᠡᠨ ᠲᠥᠭᠥᠷᠢᠭ᠎ᠦᠨ  《ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ》 ᠵᠢᠨ ᠰᠤᠷᠭᠠᠨ ᠬᠥᠮᠦᠵᠢᠯ᠎ᠦᠨ ᠪᠡᠯᠡ ᠮᠥᠩᠭᠥ ᠪᠠᠭᠤᠯᠭᠠᠵᠤ᠂ ᠰᠤᠷᠭᠠᠭᠤᠯᠢ᠎ᠶᠢᠨ《ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ》 ᠵᠢᠨ ᠰᠤᠷᠭᠠᠨ ᠬᠥᠮᠦᠵᠢᠯ᠎ᠦᠨ ᠬᠡᠷᠡᠭᠵᠢᠭᠦᠯᠦᠯᠲᠡ᠂ ᠡᠯ᠎ᠡ ᠲᠥᠷᠥᠯ᠎ᠦᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠂ ᠬᠥᠳᠡᠯᠮᠦᠷᠢ᠎ᠶᠢᠨ ᠬᠥᠮᠦᠵᠢᠯ᠎ᠦᠨ ᠦᠢᠯᠡᠳᠦᠯᠭᠡ ᠵᠢᠴᠢ《ᠡᠷᠬᠢᠮᠰᠦᠭ ᠤᠷᠠᠯᠢᠭ᠋᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ》ᠵᠡᠷᠭᠡ ᠠᠵᠢᠯᠯᠠᠭ᠎ᠠ᠎ᠶᠢ ᠭᠣᠣᠯᠳᠠᠯᠭ᠎ᠠ᠎ᠲᠠᠢ ᠳᠡᠮᠵᠢᠵᠦ᠂ ᠰᠤᠷᠭᠠᠭᠤᠯᠢ᠎ᠶᠢᠨ ᠬᠦᠷᠢᠶᠡᠨ᠎ᠦ 《ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ》ᠵᠢᠨ ᠦᠢᠯᠡᠳᠦᠯᠭᠡ᠎ᠶᠢ ᠪᠠᠶᠠᠯᠢᠭ᠍ᠵᠢᠭᠤᠯᠬᠤ᠂ ᠰᠤᠷᠤᠭ᠍ᠴᠢᠳ᠎ᠤᠨ ᠪᠥᠬᠥ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠡᠳ᠋᠎ᠦᠨ ᠬᠦᠴᠦᠨ᠎ᠦ ᠪᠠᠲᠤᠯᠠᠭ᠎ᠠ ᠬᠠᠩᠭᠠᠪᠠ᠃  

《ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ》 ᠭᠡᠳᠡᠭ ᠨᠢ ᠪᠡᠶ᠎ᠡ ᠵᠢᠨ ᠲᠠᠮᠢᠷ᠂ ᠭᠤᠸ᠎ᠠ ᠰᠠᠢᠬᠠᠨ᠎ᠤ ᠬᠥᠮᠦᠵᠢᠯ ᠪᠠ ᠬᠥᠳᠡᠯᠮᠦᠷᠢ᠎ᠶᠢᠨ ᠬᠥᠮᠦᠵᠢᠯ᠎ᠢ ᠵᠢᠭᠠᠵᠤ ᠪᠠᠢᠨ᠎ᠠ᠃ 《ᠪᠡᠶ᠎ᠡ᠎ᠶᠢᠨ ᠲᠠᠮᠢᠷ  ᠭᠤᠸ᠎ᠠ ᠰᠠᠢᠬᠠᠨ ᠬᠥᠳᠡᠯᠮᠦᠷᠢ》ᠵᠢᠨ ᠬᠥᠮᠦᠵᠢᠯ ᠪᠣᠯ ᠶᠣᠰᠣ᠌ ᠰᠤᠷᠲᠠᠬᠤᠨ ᠣᠶᠤᠨ ᠤᠬᠠᠭᠠᠨ ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ ᠵᠡᠷᠭᠡ 《ᠲᠠᠪᠤᠨ᠎ᠬᠥᠮᠥᠵᠢᠯ》᠎ᠤᠨ ᠬᠥᠮᠥᠨ ᠬᠥᠮᠥᠵᠢᠭᠦᠯᠬᠦ ᠰᠢᠰᠲᠧᠮ᠎ᠦᠨ ᠴᠢᠬᠤᠯᠠ ᠪᠦᠷᠢᠯᠳᠦᠭᠦᠨ ᠬᠡᠰᠡᠭ ᠮᠥᠨ᠂ ᠰᠢᠨ᠎ᠡ ᠴᠠᠭ ᠦᠶ᠎ᠡ᠎ᠶᠢᠨ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ ᠭᠣᠣᠯᠳᠠᠯᠭ᠎ᠠ᠎ᠲᠠᠢ ᠬᠦᠷᠢᠶ᠎ᠡ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠰᠤᠷᠭᠠᠨ ᠬᠥᠮᠦᠵᠢᠯ᠎ᠦᠨ ᠵᠠᠷᠤᠳᠠᠯ᠎ᠢ ᠪᠠᠲᠤᠯᠠᠬᠤ ᠡᠭᠦᠷᠭᠡ ᠴᠢᠳᠠᠪᠬᠢ᠎ᠳᠠᠭᠠᠨ ᠰᠠᠭᠤᠷᠢᠯᠠᠨ᠂ ᠦᠵᠡᠯ ᠰᠠᠨᠠᠭ᠎ᠠ ᠤᠯᠤᠰ ᠲᠥᠷᠥ ᠬᠢᠭᠡᠳ 《ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ》 ᠵᠢᠨ ᠰᠤᠷᠭᠠᠨ ᠬᠥᠮᠦᠵᠢᠯ᠎ᠦᠨ ᠲᠤᠰᠬᠠᠢ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠪᠥᠬᠥ ᠣᠷᠣᠨ᠎ᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠂ ᠭᠤᠸ᠎ᠠ ᠰᠠᠢᠬᠠᠨ ᠪᠠ ᠬᠥᠳᠡᠯᠮᠦᠷᠢ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面