ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-07 11:14:59

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠠᠯᠳᠠᠨ ᠰᠢᠷᠭᠠᠯ ᠨᠠᠮᠤᠷ ᠵᠢᠡᠷ ᠦᠪᠦᠷ ᠮᠤᠩᠭᠤᠯ᠎ᠤᠨ ᠡᠯ᠎ᠠ ᠳᠤᠮᠳᠠᠳᠤ ᠪᠠᠭ᠎ᠠ ᠰᠤᠷᠭᠠᠭᠤᠯᠢ ᠬᠢᠬᠡᠳ ᠬᠡᠦᠬᠡᠳ᠎ᠤᠨ ᠴᠡᠴᠡᠷᠯᠢᠭ᠎ᠤᠨ ᠬᠢᠨ ᠰᠢᠨ᠎ᠡ ᠰᠤᠷᠤᠯᠭ᠎ᠠ ᠵᠢᠨ ᠬᠤᠭᠤᠴᠠᠭ᠎ᠠ ᠪᠠᠨ ᠤᠳᠬ᠎ᠠ ᠳᠡᠬᠦᠯᠳᠡᠷ ᠡᠬᠢᠯᠡᠬᠦᠯᠵᠦ᠂ ᠡᠯ᠎ᠡ ᠰᠤᠷᠭᠠᠭᠤᠯᠢ ᠪᠠᠶᠠᠯᠢᠭ ᠠᠭᠤᠯᠭ᠎ᠠ ᠪᠦᠬᠦᠢ《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠵᠢᠡᠷ ᠰᠤᠷᠤᠭᠴᠢᠳ᠎ᠤᠨ ᠵᠢᠡᠨ ᠤᠶᠤᠨ᠎ᠢ ᠤᠮᠳᠠᠯᠠᠵᠤ᠂ ᠤᠬᠠᠭᠠᠨ᠎ᠢ ᠰᠡᠩᠬᠡᠷᠡᠬᠦᠯᠵᠦ᠂ ᠠᠮᠤᠷ ᠲᠦᠪᠰᠢᠨ᠎ᠤ ᠮᠡᠳᠡᠯᠬᠡ ᠵᠢ ᠨᠡᠮᠡᠭᠳᠡᠬᠦᠯᠦᠨ᠂ ᠬᠦᠰᠡᠯ ᠮᠦᠷᠦᠬᠡᠳᠦᠯ᠎ᠵᠦᠭ᠎ᠢᠶᠡᠨ ᠤᠷᠤᠭᠰᠢᠯᠠᠬᠤ ᠢᠳᠡᠭᠡᠯ ᠰᠡᠳᠭᠢᠯ᠎ᠢ ᠨᠢ ᠬᠦᠪᠴᠢᠯᠡᠯ᠎ᠡ᠃


QQ截图20260907145407.png


ᠰᠢᠨᠵᠢᠯᠡᠬᠦ ᠤᠬᠠᠭᠠᠨ᠎ᠤ ᠬᠦᠮᠦᠵᠢᠯ᠎ᠤᠨ ᠠᠩᠬᠠᠨ᠎ᠤ ᠬᠢᠴᠢᠶᠡᠯ


《ᠮᠠᠨ᠎ᠤ ᠤᠷᠳᠤ ᠵᠠᠮ᠎ᠤᠨ ᠠᠶᠠᠨ ᠲᠠᠢ᠍ᠢᠨ》

ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭᠳᠠᠭᠰᠠᠨ 105 ᠵᠢᠯ᠎ᠦᠨ ᠤᠢ᠂ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ ᠵᠢ ᠳᠤᠬᠢᠶᠠᠯᠳᠤᠭᠤᠯᠤᠨ᠂ ᠲᠦᠪ᠎ᠤᠨ ᠤᠬᠠᠭᠤᠯᠬᠤ ᠬᠡᠯᠳᠡᠰ᠂ ᠰᠤᠷᠭᠠᠨ ᠬᠦᠮᠦᠵᠢᠯ᠎ᠤᠨ ᠶᠠᠮᠤᠨ᠂ ᠲᠦᠪ᠎ᠤᠨ ᠷᠠᠳᠢᠤ᠋ ᠲᠧᠯᠧᠢ᠍ᠰ᠎ᠤᠨ ᠶᠡᠷᠦᠩᠬᠡᠢ ᠬᠤᠷᠢᠶ᠎ᠠ ᠡᠴᠡ ᠬᠠᠮᠳᠤᠷᠠᠨ ᠭᠤᠤᠯᠯᠠᠨ ᠡᠷᠬᠢᠯᠡᠭᠰᠡᠨ 2026 ᠣᠨ᠎ᠤ 《ᠮᠠᠨ᠎ᠤ ᠤᠷᠳᠤ ᠵᠠᠮ᠎ᠤᠨ ᠠᠶᠠᠨ ᠲᠠᠢ᠍ᠢᠨ》 ᠭᠤᠤᠯ ᠰᠡᠳᠦᠪᠳᠤ 《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠢ᠋ 9 ᠰᠠᠷ᠎ᠠ ᠵᠢᠨ 1 ᠤ᠋ ᠤᠷᠤᠢ ᠲᠦᠪ ᠲᠧᠯᠧᠢ᠍ᠰ ᠪᠠ ᠰᠦᠯᠵᠢᠶ᠎ᠠ ᠪᠡᠷ ᠨᠡᠪᠳᠡᠷᠡᠬᠦᠯᠵᠦ᠂ ᠦᠪᠦᠷ ᠮᠤᠩᠭᠤᠯ᠎ᠤᠨ ᠡᠯ᠎ᠠ ᠱᠠᠳᠤᠨ᠎ᠤ ᠰᠤᠷᠭᠠᠭᠤᠯᠢ ᠵᠢᠨ ᠰᠤᠷᠤᠭᠴᠢᠳ ᠬᠦᠯᠢᠶᠡᠨ ᠠᠪᠴᠤ ᠰᠤᠨᠢᠷᠬᠠᠵᠠᠢ᠃

《ᠤᠷᠳᠤ ᠵᠠᠮ᠎ᠤᠨ ᠠᠶᠠᠨ ᠲᠠᠢᠨ ᠪᠤᠯ ᠨᠢᠬᠡᠨ ᠤᠳᠠᠭ᠎ᠠ ᠵᠢᠨ ᠢᠳᠡᠬᠡᠯ ᠪᠢᠰᠢᠷᠡᠯ᠎ᠤᠨ ᠲᠦᠯᠦᠬᠡ ᠳᠡᠮᠡᠴᠡᠭᠰᠡᠨ ᠠᠯᠤᠰ ᠬᠤᠯᠠ ᠵᠢᠨ ᠠᠶᠠᠯᠠᠯ᠃ ᠤᠷᠳᠤ ᠵᠠᠮ᠎ᠤᠨ ᠠᠶᠠᠨ ᠲᠠᠢᠨ ᠪᠤᠯ ᠨᠢᠬᠡᠨ ᠤᠳᠠᠭ᠎ᠠ ᠵᠢᠨ ᠦᠨᠡᠨ ᠶᠤᠰᠤ ᠵᠢ ᠰᠢᠯᠭᠠᠭᠰᠠᠨ ᠠᠯᠤᠰ ᠬᠤᠯᠠ ᠵᠢᠨ ᠠᠶᠠᠯᠠᠯ᠃ ᠤᠷᠳᠤ ᠵᠠᠮ᠎ᠤᠨ ᠠᠶᠠᠨ ᠲᠠᠢᠨ ᠪᠤᠯ ᠨᠢᠬᠡᠨ ᠤᠳᠠᠭ᠎ᠠ ᠵᠢᠨ ᠤᠯᠠᠨ ᠲᠦᠮᠡᠨ᠎ᠢ ᠳᠠᠭᠤᠳᠠᠨ ᠰᠡᠷᠢᠬᠡᠭᠰᠡᠨ ᠠᠯᠤᠰ ᠬᠤᠯᠠ ᠵᠢᠨ ᠠᠶᠠᠯᠠᠯ᠃ ᠤᠷᠳᠤ ᠵᠠᠮ᠎ᠤᠨ ᠠᠶᠠᠨ ᠳᠠᠢᠨ ᠪᠤᠯ ᠨᠢᠬᠡᠨ ᠤᠳᠠᠭ᠎ᠠ ᠵᠢᠨ ᠰᠢᠨ᠎ᠠ ᠪᠠᠢᠳᠠᠯ᠎ᠢ ᠨᠡᠬᠡᠬᠡᠭᠰᠡᠨ ᠠᠯᠤᠰ ᠬᠤᠯᠠ ᠵᠢᠨ ᠠᠶᠠᠯᠠᠯ ᠁》 ᠡᠨᠡ ᠬᠦ᠌ ᠠᠩᠬᠠᠨ᠎ᠤ ᠬᠢᠴᠢᠶᠡᠯ ᠨᠢ ᠤᠯᠠᠭᠠᠨ ᠴᠡᠷᠢᠭ᠎ᠦᠨ 34 ᠳ᠋ᠤᠭᠡᠷ ᠳ᠋ᠢᠸᠢᠽᠢ᠎ᠶᠢᠨ ᠬᠢᠨ ᠴᠢᠰᠤ᠎ᠪᠠᠨ ᠤᠷᠤᠰᠬᠠᠨ ᠬᠣᠷᠢᠭ᠍ᠯᠠᠨ ᠴᠣᠬᠢᠭ᠍ᠰᠠᠨ᠂ ᠴᠧᠨ ᠱᠤ᠌ ᠰᠢᠶᠠᠩ᠎ᠤᠨ ᠪᠠᠭᠠᠲᠤᠷᠯᠢᠭ᠋ ᠵᠢᠡᠷ ᠳᠡᠮᠡᠴᠡᠭᠰᠡᠨ᠂ ᠽᠦᠨ ᠢ ᠵᠢᠨ ᠬᠤᠷᠠᠯ᠎ᠤᠨ ᠠᠭᠤᠤ ᠶᠡᠬᠡ ᠡᠷᠭᠢᠯᠲᠡ᠂ ᡂᠢ ᠱᠦᠢ ᠾᠸ ᠭᠣᠣᠯ᠎ᠢ ᠳᠥᠷᠪᠡᠨᠲᠡ ᠭᠡᠲᠦᠯᠦᠭᠰᠡᠨ᠂ ᠳᠠ ᠳᠦ ᠾᠧ ᠭᠣᠣᠯ᠎ᠢ ᠭᠡᠲᠦᠯᠵᠦ᠂ ᠯᠦ᠍ ᠳ᠋ᠢᠩ ᠴᠢᠶᠣᠤ ᠬᠥᠭᠥᠷᠭᠡ ᠵᠢ ᠪᠤᠯᠢᠶᠠᠨ ᠠᠪᠤᠭᠰᠠᠨ ᠵᠡᠷᠭᠡ ᠪᠠᠭᠠᠲᠤᠷᠯᠢᠭ᠋ ᠦᠯᠢᠬᠡᠷ᠎ᠤᠳ᠎ᠢ ᠳᠠᠬᠢᠨᠲᠠ ᠡᠷᠬᠢᠴᠡᠬᠦᠯᠵᠦ᠂ ᠤᠯᠠᠭᠠᠨ ᠴᠡᠷᠢᠭ᠎ᠦᠨ ᠨᠤᠭᠤᠷᠠᠰᠢ ᠦᠭᠡᠢ ᠲᠡᠮᠡᠴᠡᠬᠦ ᠡᠷᠡᠰ ᠪᠠᠲᠤ ᠢᠲᠡᠭᠡᠯ ᠵᠣᠷᠢᠭ᠋᠎ᠢ ᠢᠯᠡᠷᠡᠭᠦᠯᠵᠡᠢ᠃ ᠬᠢᠴᠢᠶᠡᠯ ᠨᠢ ᠪᠠᠰᠠ ᠦᠩᠭᠡᠷᠡᠭᠰᠡᠨ ᠪᠠ ᠡᠳᠦᠭᠡ ᠵᠢ ᠤᠶᠠᠯᠳᠤᠭᠤᠯᠵᠤ᠂ ᠴᠠᠩ ᠵᠧᠩ ᠠᠷᠪᠠᠳᠤᠭᠠᠷ ᠬᠥᠬᠡᠭᠴᠢᠨ ᠬᠥᠯᠭᠡ ᠲᠡᠢᠷᠦᠯᠲᠦ ᠰᠤᠮᠤ᠎ᠶᠢ ᠠᠮᠵᠢᠯᠲᠠ᠎ᠲᠠᠢ ᠬᠣᠷᠢᠶᠠᠨ ᠠᠪᠤᠭᠰᠠᠨ ᠵᠢᠡᠷ ᠦᠯᠢᠬᠡᠷ ᠵᠢᠱ᠌ᠢᠶ᠎ᠠ ᠪᠣᠯᠭᠠᠵᠤ᠂ ᠰᠠᠨᠰᠠᠷᠴᠢᠳ᠎ᠤᠨ 70 ᠵᠢᠯ᠎ᠤᠨ ᠲᠡᠮᠡᠴᠡᠯ᠎ᠤᠨ ᠦᠯᠢᠭᠡᠷ᠎ᠢ ᠶᠠᠷᠢᠵᠤ᠂ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠬᠦᠴᠢᠷ᠎ᠪᠡᠷᠬᠡ ᠡᠴᠡ ᠠᠶᠤᠬᠤ ᠦᠬᠡᠢ ᠡᠷᠡᠯᠬᠡᠭ ᠪᠠᠭᠠᠲᠤᠷᠯᠢᠭ᠋᠎ᠢᠶᠠᠷ ᠤᠷᠤᠭᠰᠢᠯᠠᠨ ᠳᠠᠪᠰᠢᠬᠤ ᠵᠢ ᠬᠦᠰᠡᠨ ᠵᠤᠷᠢᠭᠵᠢᠭᠤᠯᠤᠭᠰᠠᠨ ᠪᠠᠢᠨ᠎ᠠ᠃

《ᠡᠨᠡ ᠤᠳᠠᠭᠠᠨ᠎ᠤ 〈ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ〉 ᠵᠢᠡᠷ᠂ ᠤᠷᠳᠤ ᠵᠠᠮ᠎ᠤᠨ ᠠᠶᠠᠨ ᠳᠠᠢᠨ ᠳ᠋ᠤ ᠤᠯᠠᠭᠠᠨ ᠴᠡᠷᠢᠭ᠎ᠤᠨ ᠪᠠᠢᠯᠳᠤᠭᠴᠢᠳ ᠠᠮᠢ ᠪᠡᠶ᠎ᠠ ᠪᠠᠨ ᠦᠷᠡᠭᠳᠡᠬᠦᠯᠬᠦ ᠡᠴᠡ ᠰᠦᠷᠳᠡᠬᠦ ᠦᠬᠡᠢ᠂ ᠴᠠᠰᠤᠳᠤ ᠠᠭᠤᠯᠠ ᠨᠠᠮᠤᠭᠳᠤ ᠳᠠᠯ᠎ᠠ ᠵᠢ ᠳᠤᠭᠤᠯᠤᠨ᠂ ᠳᠤᠭ᠎ᠠ ᠦᠬᠡᠢ ᠤᠯᠠᠨ ᠬᠦᠴᠢᠷ ᠪᠡᠷᠬᠡ ᠵᠢ ᠳᠤᠭᠤᠯᠵᠤ᠂ ᠡᠷᠡᠰ ᠪᠠᠳᠤ ᠢᠳᠡᠬᠡᠯ ᠵᠤᠷᠢᠭ ᠵᠢᠡᠷ ᠡᠴᠦᠰ᠎ᠤᠨ ᠢᠯᠠᠯᠳᠠ ᠵᠢ ᠲᠡᠮᠡᠴᠡᠨ ᠤᠯᠤᠭᠰᠠᠨ ᠦᠯᠢᠬᠡᠷ᠎ᠢ ᠰᠤᠷᠤᠭᠴᠢ ᠪᠢᠳᠡᠨ ᠳ᠋ᠤ ᠠᠮᠢᠳᠤᠯᠢᠭ ᠪᠤᠳᠠᠳᠠᠢ ᠳᠠᠢᠯᠪᠤᠷᠢᠯᠠᠵᠤ ᠦᠭᠴᠡᠢ᠃ ᠰᠢᠨ᠎ᠡ ᠴᠠᠭ ᠦᠶ᠎ᠠ ᠵᠢᠨ ᠪᠠᠭᠠᠴᠤᠳ ᠪᠢᠳᠡ ᠤᠷᠳᠤ ᠵᠠᠮ᠎ᠤᠨ ᠠᠶᠠᠨ ᠳᠠᠢᠨ᠎ᠤ ᠵᠤᠷᠢᠭ ᠰᠠᠨᠠᠭ᠎ᠠ ᠵᠢ ᠰᠤᠷᠤᠯᠴᠠᠨ᠂ ᠬᠦᠴᠢᠷ ᠪᠡᠷᠬᠡ ᠨᠤᠭᠤᠷᠠᠯ ᠪᠦᠳᠦᠷᠢᠯ ᠡᠴᠡ ᠠᠶᠤᠬᠤ ᠦᠬᠡᠢ ᠪᠡᠷ ᠬᠢᠴᠢᠶᠡᠯ ᠰᠤᠷᠤᠯᠭ᠎ᠠ ᠳ᠋ᠠᠭᠠᠨ ᠰᠢᠮᠳᠠᠵᠤ᠂ ᠬᠤᠵᠢᠮ ᠬᠤᠢᠰᠢᠳᠠ ᠡᠬᠡ ᠤᠯᠤᠰ ᠲᠠᠭᠠᠨ ᠬᠡᠷᠡᠭᠴᠡᠬᠡ ᠳᠠᠢ ᠬᠦᠮᠦᠨ ᠪᠤᠯᠬᠤ ᠪᠡᠷ ᠴᠢᠷᠮᠠᠢᠨ᠎ᠠ》 ᠬᠡᠵᠦ ᠬᠦᠬᠡᠬᠤᠳᠠ ᠵᠢᠨ ᠭᠤᠴᠢᠳᠤᠭᠠᠷ ᠳᠤᠮᠳᠠᠳᠤ ᠰᠤᠷᠭᠠᠭᠤᠯᠢ ᠵᠢᠨ ᠪᠠᠭ᠎ᠠ ᠰᠤᠷᠭᠠᠭᠤᠯᠢ ᠵᠢᠨ ᠬᠡᠯᠳᠡᠰ᠎ᠤᠨ ᠳᠠᠪᠤᠳᠤᠭᠠᠷ ᠤᠨ᠎ᠤ ᠰᠤᠷᠤᠭᠴᠢ ᠤᠬᠠᠭᠠᠨ ᠠᠩᠬᠠᠨ᠎ᠤ ᠬᠢᠴᠢᠶᠡᠯ ᠤᠷᠤᠭᠰᠠᠨ ᠲᠦᠷᠦᠭᠳᠡᠯ᠎ᠢᠶᠡᠨ ᠶᠠᠷᠢᠯ᠎ᠠ᠃



QQ截图20260907145441.png



ᠠᠮᠤᠷ ᠲᠦᠪᠰᠢᠨ᠎ᠤ ᠬᠦᠮᠦᠵᠢᠯ᠎ᠤᠨ ᠠᠨᠭᠬᠠᠨ᠎ᠤ ᠬᠢᠴᠢᠶᠡᠯ


ᠤᠯᠤᠰ᠎ᠤᠨ ᠲᠤᠭ᠎ᠤᠨ ᠳᠤᠤᠷᠠᠬᠢ ᠬᠦᠮᠦᠵᠢᠯ

《ᠬᠠᠮᠳᠤ ᠰᠤᠷᠤᠭᠴᠢ ᠯᠢ ᠪᠢᠨ᠎ᠤ᠋ ᠠᠯᠳᠠ ᠤᠯᠪᠠᠴᠤ ᠠᠮᠢᠨ ᠳ᠋ᠠᠭᠠᠨ ᠠᠪᠬᠤ ᠦᠬᠡᠢ ᠵᠤᠷᠢᠭ ᠰᠠᠨᠠᠭ᠎ᠠ ᠦᠨᠡᠬᠡᠷ ᠮᠠᠭᠳᠠᠭᠤᠰᠢᠳᠠᠢ !》᠃ ᠠᠯᠠᠱᠠ ᠵᠡᠭᠦᠨ ᠬᠣᠰᠢᠭᠤᠨ᠎ᠤ ᠨᠠᠢ᠍ᠮᠠᠳᠤᠭᠠᠷ ᠪᠠᠭ᠎ᠠ ᠰᠤᠷᠭᠠᠭᠤᠯᠢ᠎ᠶᠢᠨ ᠰᠤᠷᠭᠠᠭᠤᠯᠢ ᠡᠬᠢᠯᠡᠬᠦ ᠶᠣᠰᠣᠯᠠᠯ ᠨᠢ ᠤᠯᠤᠰ᠎ᠤᠨ ᠲᠤᠭ ᠮᠠᠨᠳᠤᠭᠤᠯᠬᠤ ᠶᠤᠰᠤᠯᠠᠯ᠎ᠤᠨ ᠳᠠᠷᠠᠭ᠎ᠠ ᠡᠢᠮᠦᠷᠬᠦᠦ ᠤᠳᠬ᠎ᠠ ᠳᠡᠬᠦᠯᠳᠡᠷ ᠡᠬᠢᠯᠡᠯ᠎ᠡ᠃ ᠲᠤᠬᠠᠢ᠎ᠶᠢᠨ ᠲᠠᠯᠠᠪᠠᠢ᠎ᠳᠤ᠂ ᠠᠯᠠᠱᠠ ᠵᠡᠭᠦᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠣᠨᠴᠠ ᠴᠠᠭᠳᠠᠭ᠎ᠠ᠎ᠶᠢᠨ ᠶᠡᠬᠡ ᠠᠩᠭᠢ᠎ᠶᠢᠨ ᠠᠷᠠᠳ᠎ᠤᠨ ᠴᠠᠭᠳᠠᠭ᠎ᠠ ᠣᠨᠴᠠᠭᠠᠢ ᠵᠣᠴᠢᠨ᠎ᠤ ᠬᠤᠪᠢ᠎ᠪᠠᠷ ᠤᠷᠢᠭᠳᠠᠨ ᠰᠠᠭᠠᠳᠠᠵᠤ᠂ ᠪᠦᠬᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠡᠮᠦᠨ᠎ᠡ ᠳᠤᠰ ᠰᠤᠷᠭᠠᠭᠤᠯᠢ ᠵᠢᠨ ᠭᠤᠷᠪᠠᠳᠤᠭᠠᠷ ᠣᠨ ᠤ᠋ ᠭᠤᠷᠪᠠᠳᠤᠭᠠᠷ ᠠᠩᠭᠢ᠎ᠶᠢᠨ ᠰᠤᠷᠤᠭᠴᠢ ᠯᠢ ᠪᠢᠨ ᠳ᠋ᠤ ᠢᠯᠡᠬᠡᠭᠰᠡᠨ ᠳᠠᠯᠠᠷᠬᠠᠯ᠎ᠤᠨ ᠵᠠᠬᠢᠳᠠᠯ᠎ᠢ ᠤᠩᠰᠢᠵᠤ ᠦᠭᠴᠡᠢ᠃

ᠡᠨᠡ᠎ᠬᠦ ᠰᠤᠷᠭᠠᠭᠤᠯᠢ ᠡᠬᠢᠯᠡᠬᠦ ᠨᠠᠨᠳᠢᠨ ᠪᠡᠯᠡᠭ ᠪᠤᠯᠤᠭᠰᠠᠨ ᠬᠠᠯᠠᠭᠤᠨ ᠳᠤᠯᠠᠭᠠᠨ ᠦᠯᠢᠬᠡᠷ ᠵᠤᠨ᠎ᠤ ᠠᠮᠠᠷᠠᠯᠳᠠ ᠳ᠋ᠤ ᠡᠬᠦᠰᠴᠡᠢ᠃ ᠵᠧᠦ ᠠᠪᠠᠬᠠᠢ ᠨᠠᠢ᠍ᠮᠠᠨ ᠰᠠᠷ᠎ᠠ᠎ᠶᠢᠨ ᠡᠬᠢ ᠪᠡᠷ ᠣᠪᠣᠭᠠᠨ ᠴᠡᠴᠡᠷᠯᠢᠭ᠎ᠲᠦ ᠳᠤᠭᠤᠷᠢᠵᠤ ᠪᠠᠢᠭᠠᠳ 8000 ᠲᠥᠭᠥᠷᠢᠭ᠎ᠦᠨ ᠦᠷᠳᠡᠭ ᠪᠦᠬᠦᠢ ᠭᠠᠷ ᠤᠲᠠᠰᠤ ᠪᠠᠨ ᠬᠢᠴᠢᠶᠡᠮᠵᠢ ᠦᠬᠡᠢ ᠪᠡᠷ ᠡᠯᠡᠰᠦᠨ ᠳ᠋ᠤ ᠤᠨᠠᠭᠠᠭᠠᠳ ᠬᠡᠬᠡᠴᠢᠬᠡᠵᠡᠢ᠃ ᠭᠠᠷ ᠤᠲᠠᠰᠤᠨ᠎ᠳ᠋ᠤᠨᠢ ᠶᠡᠬᠡ ᠬᠡᠮᠵᠢᠶᠡᠨ᠎ᠦ ᠬᠣᠪᠣᠷ ᠨᠠᠨᠳᠢᠨ ᠭᠡᠷᠡᠯ ᠵᠢᠷᠤᠭ ᠪᠠ ᠴᠢᠬᠤᠯᠠ ᠮᠠᠲᠧᠷᠢᠶᠠᠯ ᠬᠠᠳᠠᠭᠠᠯᠠᠵᠤ ᠪᠠᠢᠳᠠᠭ ᠪᠤᠯᠬᠤᠷ ᠲᠡᠷᠡ ᠶᠡᠬᠡ ᠪᠠᠴᠢᠮᠳᠠᠨ ᠰᠠᠨᠳᠤᠷᠴᠤ ᠬᠡᠳᠦᠢ ᠡᠷᠢᠭᠰᠡᠨ ᠪᠤᠯᠪᠠᠴᠤ ᠡᠷᠢᠵᠦ ᠤᠯᠤᠭᠰᠠᠨ ᠦᠬᠡᠢ᠃ ᠠᠷᠭ᠎ᠠ ᠮᠤᠬᠤᠷᠳᠠᠭᠰᠠᠨ ᠵᠧᠦ ᠠᠪᠠᠬᠠᠢ ᠭᠡᠷ᠎ᠲᠡᠬᠡᠨ ᠬᠠᠷᠢᠭ᠍ᠰᠠᠨ᠎ᠤ ᠳᠠᠷᠠᠭ᠎ᠠ᠂ ᠥᠪᠡᠷ᠎ᠦᠨ ᠭᠠᠷ ᠤᠲᠠᠰᠤᠨ ᠨᠣᠮᠧᠷ ᠲᠠᠭᠠᠨ ᠤᠲᠠᠰᠤᠳᠠᠭᠰᠠᠨ᠎ᠳᠤ ᠤᠲᠠᠰᠤ ᠨᠢ ᠮᠠᠰᠢ ᠲᠦᠷᠭᠡᠨ ᠵᠢᠡᠷ ᠨᠡᠪᠲᠡᠷᠡᠪᠡ᠃ ᠤᠤᠯ ᠨᠢ᠂ ᠰᠤᠷᠤᠭᠴᠢ ᠯᠢ ᠪᠢᠨ ᠵᠧᠦ ᠠᠪᠠᠬᠠᠢ ᠵᠢᠨ ᠭᠠᠷ ᠤᠳᠠᠰᠤ ᠵᠢ ᠤᠯᠵᠤ ᠠᠪᠤᠭᠰᠠᠨ᠎ᠤ ᠳᠠᠷᠠᠭ᠎ᠠ᠂ ᠭᠡᠷ᠎ᠦᠨ ᠠᠬᠠᠮᠠᠳ᠎ᠤᠨ ᠵᠢᠡᠨ ᠪᠠᠷ᠎ᠠ ᠪᠤᠯᠤᠯᠭ᠎ᠠ᠎ᠪᠠᠷ ᠳᠣᠲᠣᠭᠠᠳᠤ᠎ᠶᠢ ᠬᠠᠮᠠᠭᠠᠯᠠᠬᠤ ᠭᠠᠵᠠᠷ ᠲᠤ᠌ ᠬᠦᠷᠴᠦ ᠴᠠᠭᠳᠠᠭ᠎ᠠ ᠳ᠋ᠤ ᠳᠤᠰᠢᠶᠠᠭᠰᠠᠨ ᠠᠵᠠᠢ᠃ ᠠᠰᠪᠤᠷ ᠰᠢᠯᠤᠭᠤᠨ ᠬᠡᠦᠬᠡᠳ᠎ᠤᠨ ᠬᠢᠳᠡᠯ ᠳ᠋ᠤ ᠰᠡᠳᠬᠢᠯ ᠳᠤᠭᠳᠤᠯᠤᠭᠰᠠᠨ ᠵᠧᠦ ᠠᠪᠠᠬᠠᠢ ᠯᠢ ᠪᠢᠨ ᠳ᠋ᠤ ᠪᠢᠴᠢᠭ᠎ᠤᠨ ᠬᠡᠷᠡᠭᠰᠡᠯ᠂ ᠨᠤᠮ ᠳᠡᠪᠳᠡᠷ ᠠᠪᠴᠤ ᠬᠦᠷᠭᠡᠬᠦ ᠵᠢᠨ ᠳᠠᠭᠠᠤ ᠳᠠᠯᠠᠷᠬᠠᠯ᠎ᠤᠨ ᠪᠢᠴᠢᠭ ᠪᠢᠴᠢᠵᠦ᠄《ᠲᠠ ᠰᠠᠶᠢ ᠭᠤᠷᠪᠠᠳᠤᠭᠠᠷ ᠤᠨ᠎ᠤ ᠰᠤᠷᠤᠭᠴᠢ ᠪᠤᠯᠪᠠᠴᠤ ᠠᠯᠳᠠ ᠤᠯᠪᠠᠴᠤ ᠠᠮᠢᠨ ᠳ᠋ᠠᠭᠠᠨ ᠠᠪᠬᠤ ᠦᠬᠡᠢ ᠡᠷᠬᠢᠮ ᠰᠤᠷᠳᠠᠯ᠎ᠢ ᠴᠢᠨᠢ ᠠᠨᠢᠶ᠎ᠠ ᠨᠢ ᠬᠠᠷᠠᠭᠠᠳ ᠮᠠᠰᠢ ᠪᠢᠰᠢᠷᠡᠵᠦ ᠪᠠᠢᠨ᠎ᠠ᠃ ᠡᠨᠡ ᠬᠦ᠌ ᠠᠯᠳᠠ ᠰᠢᠭ᠋ ᠴᠡᠪᠡᠷ ᠴᠠᠢᠯᠭᠠᠨ ᠰᠡᠳᠬᠢᠯ ᠵᠢᠡᠨ ᠡᠬᠦᠷᠢᠳᠡ ᠪᠠᠷᠢᠮᠳᠠᠯᠠᠵᠤ ᠶᠠᠪᠤᠬᠤ ᠵᠢ ᠴᠢᠨᠢ ᠬᠦᠰᠡᠵᠦ ᠪᠠᠢᠨ᠎ᠠ ᠁》 ᠬᠡᠰᠡᠨ ᠪᠢᠯᠡ᠃

《ᠪᠢᠳᠡ ᠰᠤᠷᠤᠭᠴᠢᠳ ᠵᠢᠡᠨ ᠠᠯᠳᠠ ᠤᠯᠪᠠᠴᠤ ᠠᠮᠢᠨ ᠳ᠋ᠠᠭᠠᠨ ᠠᠪᠬᠤ ᠦᠬᠡᠢ ᠦᠨᠡᠨᠴᠢ ᠢᠳᠡᠬᠡᠮᠵᠢᠳᠡᠢ ᠰᠠᠢᠨ ᠰᠠᠢᠬᠠᠨ ᠵᠠᠩ ᠰᠤᠷᠳᠠᠯ ᠳᠠᠢ ᠬᠡᠦᠬᠡᠳ ᠪᠤᠯᠬᠤ ᠬᠡᠷᠡᠭᠳᠡᠢ ᠬᠡᠵᠦ ᠳᠠᠩᠳᠠ ᠰᠤᠷᠭᠠᠳᠠᠭ᠃ ᠮᠠᠨ᠎ᠤ ᠰᠤᠷᠤᠭᠴᠢ ᠯᠢ ᠪᠢᠨ ᠪᠤᠳᠠᠳᠤ ᠠᠵᠢᠯᠯᠠᠭ᠎ᠠ ᠪᠡᠷ᠎ᠢᠶᠡᠨ ᠡᠨᠡ᠎ᠬᠦ ᠰᠠᠢᠨ ᠰᠠᠢᠬᠠᠨ ᠵᠠᠩ ᠰᠤᠷᠳᠠᠯ᠎ᠢ ᠦᠢᠯᠡᠳᠦᠯᠬᠡᠵᠢᠬᠦᠯᠦᠭᠰᠡᠨ ᠪᠤᠯᠬᠤᠷ ᠪᠢᠳᠡ ᠳᠡᠬᠦᠨ ᠡᠴᠡ ᠳᠠᠭᠠᠨ ᠰᠤᠷᠤᠯᠴᠠᠪᠠᠯ ᠵᠤᠬᠢᠨ᠎ᠠ》 ᠬᠡᠵᠦ ᠠᠯᠠᠱᠠ ᠵᠡᠭᠦᠨ ᠬᠣᠰᠢᠭᠤᠨ᠎ᠤ ᠨᠠᠢ᠍ᠮᠠᠳᠤᠭᠠᠷ ᠪᠠᠭ᠎ᠠ ᠰᠤᠷᠭᠠᠭᠤᠯᠢ᠎ᠶᠢᠨ ᠭᠤᠷᠪᠠᠳᠤᠭᠠᠷ ᠣᠨ᠎ᠤ ᠭᠤᠷᠪᠠᠳᠤᠭᠠᠷ ᠠᠩᠭᠢ᠎ᠶᠢᠨ ᠠᠩᠭᠢ᠎ᠶᠢᠨ ᠡᠷᠬᠢᠯᠡᠭᠴᠢ ᠭᠤᠸᠠᠩ ᠮᠧᠩ ᠷᠦ ᠶᠠᠷᠢᠵᠤ ᠪᠠᠢᠯ᠎ᠠ᠃

ᠰᠤᠷᠤᠭᠴᠢ ᠯᠢ ᠪᠢᠨ᠎ᠤ ᠡᠨᠡ᠎ᠬᠦ ᠡᠷᠬᠢᠮ ᠰᠠᠢᠬᠠᠨ ᠦᠢᠯᠡ ᠠᠵᠢᠯᠯᠠᠭ᠎ᠠ ᠨᠢ ᠪᠤᠰᠤᠳ᠎ᠤᠨ ᠰᠡᠳᠬᠢᠯ᠎ᠢ ᠳᠤᠯᠠᠭᠠᠴᠠᠭᠤᠯᠤᠭᠰᠠᠨ ᠵᠢᠡᠷ ᠪᠠᠷᠠᠬᠤ ᠦᠬᠡᠢ᠂ ᠤᠯᠤᠰ᠎ᠤᠨ ᠲᠣᠭ᠎ᠤᠨ ᠳᠤᠤᠷᠠᠬᠢ ᠠᠮᠢᠳᠤᠯᠢᠭ᠋ ᠰᠠᠢᠬᠠᠨ 《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠪᠤᠯᠵᠤ᠂ ᠪᠦᠬᠦ ᠰᠤᠷᠭᠠᠭᠤᠯᠢ᠎ᠶᠢᠨ ᠬᠡᠦᠬᠡᠳ᠎ᠦᠨ ᠰᠡᠳᠬᠢᠯ᠎ᠳᠦ ᠦᠨᠡᠨᠴᠢ ᠢᠲᠡᠭᠡᠮᠵᠢᠲᠡᠢ ᠴᠠᠢᠯᠭᠠᠨ ᠰᠡᠳᠬᠢᠯ᠎ᠲᠠᠢ ᠪᠠᠢᠬᠤ ᠦᠷ᠎ᠡ᠎ᠶᠢ ᠰᠠᠴᠤᠵᠤ᠂ ᠢᠳᠡᠪᠬᠢ ᠬᠦᠴᠦᠨ᠎ᠢ ᠰᠤᠷᠭᠠᠭᠤᠯᠢ᠎ᠶᠢᠨ ᠬᠦᠷᠢᠶᠡᠨ᠎ᠳᠦ ᠦᠨᠳᠦᠰᠦᠯᠡᠭᠦᠯᠦᠨ ᠰᠣᠶᠣᠭᠠᠯᠠᠭᠤᠯᠵᠠᠢ᠃


QQ截图20260907145514.png


ᠪᠢᠳᠡ ᠰᠤᠷᠭᠠᠭᠤᠯᠢ ᠡᠬᠢᠯᠡᠯ᠎ᠡ


ᠢᠷᠠᠭᠤ ᠡᠬᠡᠰᠢᠭᠳᠤ ᠰᠢᠨ᠎ᠠ ᠠᠶᠠᠨ᠎ᠤ ᠡᠬᠢᠯᠡᠯ

ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠎ᠶᠢᠨ ᠳᠠᠭᠤᠤ ᠬᠥᠭᠵᠢᠮ᠎ᠦᠨ ᠲᠢᠩᠬᠢᠮ᠎ᠳᠦ 《ᠭᠤᠤ᠎ᠠ ᠰᠠᠢᠬᠠᠨ ᠵᠢᠡᠷ ᠤᠭ ᠰᠠᠨᠠᠭ᠎ᠠ ᠵᠢ ᠤᠮᠳᠠᠯᠠᠨ ᠬᠦᠮᠦᠨ᠎ᠢ ᠬᠦᠮᠦᠵᠢᠬᠦᠯᠵᠦ ᠢᠷᠠᠭᠤ ᠡᠬᠡᠰᠢᠭ ᠵᠢᠡᠷ ᠰᠢᠨ᠎ᠡ ᠠᠶᠠᠨ᠎ᠢᠶᠠᠨ ᠡᠬᠢᠯᠡᠭᠦᠯᠦᠶ᠎ᠡ》 ᠭᠡᠬᠦ ᠡᠷᠬᠢᠮᠰᠦᠭ ᠤᠷᠠᠯᠢᠭ᠋᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠲᠤᠰᠬᠠᠢ ᠲᠣᠭᠯᠠᠯᠲᠠ 8 ᠰᠠᠷ᠎ᠠ᠎ᠶᠢᠨ 28 ᠎ᠤ᠋ ᠤᠷᠤᠢ ᠶᠠᠪᠤᠭᠳᠠᠪᠠ᠃ ᠡᠨᠡ ᠨᠢ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠤ ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ ᠪᠣᠯᠤᠭᠰᠠᠨ᠎ᠤ ᠬᠤᠪᠢ᠎ᠳᠤ᠂ ᠰᠤᠷᠭᠠᠭᠤᠯᠢ᠎ᠨᠢ ᠥᠨᠳᠥᠷ ᠬᠢᠷᠢ ᠲᠦᠪᠰᠢᠨ ᠪᠦᠬᠦᠢ ᠨᠠᠢᠷᠠᠯ ᠳᠠᠭᠤᠤ᠎ᠶᠢᠨ ᠲᠣᠭᠯᠠᠯᠲᠠ᠎ᠪᠠᠷ ᠳᠠᠮᠵᠢᠭᠤᠯᠤᠨ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ ᠵᠢ ᠨᠠᠢᠳᠠᠪᠤᠷᠢᠵᠢᠭᠤᠯᠵᠠᠢ᠃

ᠲᠤᠰ ᠤᠳᠠᠭ᠎ᠠ᠎ᠶᠢᠨ ᠲᠣᠭᠯᠠᠯᠲᠠ᠎ᠶᠢ ᠥᠪᠥᠷ ᠮᠣᠩᠭᠣᠯ᠎ᠤᠨ ᠤᠷᠠᠯᠢᠭ ᠵᠦᠴᠦᠭᠡ᠎ᠶᠢᠨ ᠬᠦᠷᠢᠶᠡᠯᠡᠩ᠎ᠦᠨ ᠨᠠᠢᠷᠠᠯ ᠳᠠᠭᠤᠤ᠎ᠶᠢᠨ ᠪᠦᠯᠬᠦᠮ᠎ᠡᠴᠡ ᠳᠤᠭᠯᠠᠪᠠ᠃ ᠲᠤᠰ ᠪᠦᠯᠬᠦᠮ ᠨᠢ ᠬᠥᠭᠵᠢᠮ᠎ᠦᠨ ᠬᠠᠪᠰᠤᠷᠤᠯᠭ᠎ᠠ ᠦᠭᠡᠢ ᠨᠠᠢᠷᠠᠯ ᠳᠠᠭᠤᠤ᠎ᠳᠠᠭᠤᠯᠠᠳᠠᠭ᠂ ᠤᠷᠳᠤ᠎ᠶᠢᠨ ᠳᠠᠭᠤᠤ᠂ ᠬᠦᠬᠡᠮᠡᠢ᠂ ᠮᠣᠷᠢᠨ ᠬᠤᠭᠤᠷ ᠵᠡᠷᠭᠡ ᠮᠣᠩᠭᠣᠯ ᠦᠨᠳᠦᠰᠦᠲᠡᠨ᠎ᠦ ᠤᠷᠠᠯᠢᠭ᠋᠎ᠤᠨ ᠡᠯᠧᠮᠧᠨ᠋ᠲ᠎ᠢ ᠠᠭᠤᠰᠤᠯᠴᠠᠭᠤᠯᠳᠠᠭ ᠵᠢᠡᠷ ᠵᠢᠡᠨ ᠤᠨᠴᠠᠯᠠᠭᠳᠠᠵᠤ᠂ ᠤᠯᠠᠨ ᠤᠳᠠᠭ᠎ᠠ ᠭᠠᠳᠠᠭᠠᠳᠤ᠎ᠳᠤ ᠭᠠᠷᠴᠤ ᠤᠯᠠᠨ ᠤᠯᠤᠰ᠎ᠤᠨ ᠰᠣᠶᠣᠯ᠎ᠤᠨ ᠰᠣᠯᠢᠯᠴᠠᠭ᠎ᠠ᠎ᠳᠤ ᠤᠷᠤᠯᠴᠠᠨ᠂ ᠥᠪᠥᠷ ᠮᠣᠩᠭᠣᠯ᠎ᠤᠨ ᠰᠣᠶᠣᠯ ᠢ᠋ ᠤᠯᠠᠮᠵᠢᠯᠠᠨ ᠪᠠᠳᠠᠷᠠᠭᠤᠯᠬᠤ ᠭᠡᠷᠡᠯ ᠰᠠᠴᠤᠷᠠᠩᠭᠤᠢ ᠨᠡᠷ᠎ᠡ᠎ᠶᠢᠨ ᠬᠠᠭᠤᠳᠠᠰᠤ ᠪᠤᠯᠵᠤ ᠪᠠᠢᠭ᠎ᠠ ᠶᠤᠮ᠃ ᠲᠤᠬᠠᠢ᠎ᠶᠢᠨ ᠲᠠᠯᠠᠪᠠᠢ᠎ᠳᠤ᠂ 《ᠬᠥᠯᠥᠨ ᠪᠤᠢ᠍ᠢᠷ᠎ᠤᠨ ᠲᠠᠯ᠎ᠠ ᠨᠤᠲᠤᠭ》᠂《ᠬᠦᠰᠡᠯ ᠮᠦᠷᠦᠬᠡᠳᠦᠯ》 ᠮᠡᠳᠤ ᠵᠢᠨ ᠰᠡᠳᠬᠢᠯ ᠬᠥᠳᠡᠯᠭᠡᠮ᠎ᠡ ᠢᠷᠠᠭᠤ ᠰᠠᠢᠬᠠᠨ ᠡᠭᠡᠰᠢᠭ᠎ᠢᠶᠡᠷ ᠵᠢᠡᠨ ᠲᠤᠬᠠᠢ᠎ᠶᠢᠨ ᠲᠠᠯᠠᠪᠠᠢ᠎ᠶᠢᠨ ᠪᠠᠭ᠍ᠰᠢ ᠰᠤᠷᠤᠭ᠍ᠴᠢᠳ᠎ᠲᠤ ᠦᠨᠳᠦᠰᠦᠲᠡᠨ᠎ᠦ ᠳᠠᠭᠤᠤ ᠬᠥᠭᠵᠢᠮ᠎ᠦᠨ ᠥᠪᠡᠷᠮᠢᠴᠡ ᠷᠢᠳᠢ ᠰᠢᠳᠢ᠎ᠶᠢ ᠣᠢᠷ᠎ᠠ ᠵᠠᠢ᠎ᠠᠴᠠ ᠮᠡᠳᠡᠷᠡᠭᠦᠯᠵᠡᠢ᠃ 《ᠡᠷᠬᠢᠮᠰᠦᠭ ᠤᠷᠠᠯᠢᠭ᠋᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ᠎ᠪᠤᠯ ᠡᠷᠡᠭᠦᠯ ᠮᠡᠨᠳᠦ ᠰᠤᠷᠭᠠᠭᠤᠯᠢ᠂ ᠰᠤᠷᠤᠯᠴᠠᠯᠭ᠎ᠠ᠎ᠶᠢᠨ ᠨᠥᠬᠥᠷᠰᠡᠭ ᠬᠡᠯᠪᠡᠷᠢ᠎ᠶᠢᠨ ᠰᠤᠷᠭᠠᠭᠤᠯᠢ᠂ ᠦᠵᠡᠰᠬᠦᠯᠡᠩᠲᠦ ᠰᠠᠢᠬᠠᠨ ᠠᠮᠤᠷ ᠲᠦᠪᠰᠢᠨ ᠰᠤᠷᠭᠠᠭᠤᠯᠢ ᠵᠡᠷᠭᠡ ᠭᠤᠷᠪᠠᠨ ᠵᠦᠢᠯ᠎ᠦᠨ ᠪᠠᠢᠭᠤᠯᠤᠯᠲᠠ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠷᠬᠢᠮᠰᠦᠭ ᠤᠷᠠᠯᠢᠭ᠋ ᠢ᠋ ᠰᠤᠷᠭᠠᠭᠤᠯᠢ ᠶ᠋ᠢᠨ ᠬᠦᠷᠢᠶᠡᠨ᠎ᠳᠦ ᠤᠷᠤᠭᠤᠯᠬᠤ ᠨᠢ ᠭᠤᠸ᠎ᠠ ᠰᠠᠢᠬᠠᠨ᠎ᠤ ᠬᠥᠮᠦᠵᠢᠯ᠎ᠦᠨ ᠦᠵᠡᠯ ᠰᠡᠳᠬᠢᠯᠭᠡ ᠶ᠋ᠢ ᠪᠣᠯᠪᠠᠰᠤᠷᠠᠭᠤᠯᠵᠤ᠂ ᠣᠶᠤᠨ ᠰᠠᠨᠠᠭ᠎ᠠ ᠶ᠋ᠢ ᠤᠮᠳᠠᠯᠠᠬᠤ ᠦᠢᠯᠡᠳᠦᠯ ᠢ᠋ ᠭᠦᠢᠴᠡᠳ ᠪᠠᠳᠠᠷᠠᠭᠤᠯᠬᠤ ᠶ᠋ᠢᠨ ᠲᠥᠯᠥᠭᠡ ᠶᠤᠮ》 ᠬᠡᠵᠦ ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠎ᠶᠢᠨ ᠵᠠᠬᠢᠷᠤᠯ ᠸᠠᠩ ᠵᠢᠶᠠᠨ ᠰᠢᠤᠸᠠᠢ ᠶᠠᠷᠢᠯ᠎ᠠ᠃

ᠸᠠᠩ ᠵᠢᠶᠠᠨ ᠰᠢᠤᠸᠠᠢ ᠵᠠᠬᠢᠷᠤᠯ᠎ᠤᠨ ᠳᠠᠨᠢᠯᠴᠠᠭᠤᠯᠤᠭᠰᠠᠨ ᠵᠢᠡᠷ᠂ ᠰᠢᠨ᠎ᠡ ᠬᠤᠭᠤᠴᠠᠭ᠎ᠠ᠎ᠡᠴᠡ ᠡᠬᠢᠯᠡᠨ ᠰᠤᠷᠭᠠᠭᠤᠯᠢ᠎ᠨᠢ ᠤᠷᠠᠯᠢᠭ᠋᠎ᠤᠨ ᠬᠢᠴᠢᠶᠡᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠤᠷᠠᠯᠢᠭ᠋᠎ᠤᠨ ᠦᠵᠡᠭᠦᠯᠭᠡ᠎ᠶᠢᠨ ᠲᠣᠭᠯᠠᠯᠲᠠ᠎ᠶᠢ ᠪᠠᠶᠠᠯᠢᠭ᠍ᠵᠢᠭᠤᠯᠵᠤ᠂ ᠤᠷᠠᠯᠢᠭ᠋᠎ᠤᠨ ᠨᠡᠢᠬᠡᠮ᠎ᠤᠨ ᠪᠦᠯᠬᠦᠮ᠎ᠢ ᠬᠦᠴᠦᠷᠬᠡᠭᠵᠢᠭᠦᠯᠵᠦ᠂ ᠰᠤᠷᠤᠭ᠍ᠴᠢ ᠨᠢᠭᠡᠪᠦᠷᠢ᠎ᠳᠦ ᠨᠢᠭᠡ᠎ᠡᠴᠡ ᠬᠣᠶᠠᠷ ᠲᠦᠷᠦᠯ᠎ᠦᠨ ᠤᠷᠠᠯᠢᠭ᠋᠎ᠤᠨ ᠲᠤᠰᠬᠠᠢ ᠮᠡᠷᠭᠡᠵᠢᠯ᠎ᠢ ᠡᠵᠡᠮᠰᠢᠭᠦᠯᠬᠦ᠎ᠪᠡᠷ ᠴᠢᠷᠮᠠᠢᠵᠤ᠂ ᠤᠶᠠᠩᠭ᠎ᠠ ᠡᠬᠡᠰᠢᠭ ᠬᠠᠩᠬᠢᠨᠠᠭᠰᠠᠨ ᠰᠤᠷᠭᠠᠭᠤᠯᠢ᠎ᠶᠢᠨ ᠬᠦᠷᠢᠶᠡᠨ᠎ᠦ ᠠᠭᠤᠷ ᠠᠮᠢᠰᠬᠤᠯ᠎ᠢ ᠪᠤᠢ ᠪᠣᠯᠭᠠᠵᠤ᠂ ᠭᠤᠸ᠎ᠠ ᠰᠠᠢᠬᠠᠨ᠎ᠤ ᠬᠥᠮᠦᠵᠢᠯ᠎ᠢᠶᠡᠷ ᠬᠥᠮᠥᠨ᠎ᠢ ᠬᠥᠮᠥᠵᠢᠭᠦᠯᠬᠦ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ᠃

ᠥᠨᠳᠥᠷ ᠳᠤᠮᠳᠠᠳᠤ᠎ᠶᠢᠨ ᠨᠢᠭᠡᠳᠦᠭᠡᠷ ᠣᠨ᠎ᠤ ᠬᠤᠶᠠᠳᠤᠭᠠᠷ ᠠᠩᠭᠢ᠎ᠶᠢᠨ ᠰᠣᠷᠣᠭ᠍ᠴᠢ ᠶᠠᠨ ᠠᠠ᠄ 《ᠲᠤᠰᠬᠠᠢ ᠮᠡᠷᠭᠡᠵᠢᠯ᠎ᠦᠨ ᠨᠠᠢᠷᠠᠯ ᠳᠠᠭᠤᠤ᠎ᠶᠢᠨ ᠲᠣᠭᠯᠠᠯᠲᠠ᠎ᠶᠢ ᠠᠩᠬ᠎ᠠ ᠤᠳᠠᠭ᠎ᠠ ᠰᠣᠨᠢᠷᠬᠠᠵᠤ ᠪᠠᠢᠨ᠎ᠠ᠃ 〈ᠬᠥᠯᠥᠨ ᠪᠤᠢ᠍ᠢᠷ᠎ᠤᠨ ᠲᠠᠯ᠎ᠠ ᠨᠤᠲᠤᠭ〉 ᠬᠡᠬᠦ ᠳᠠᠭᠤᠤ ᠨᠠᠳᠠ ᠳ᠋ᠤ ᠬᠠᠮᠤᠭ᠎ᠤᠨ ᠬᠦᠨ ᠰᠠᠭᠤᠭᠳᠠᠯ ᠦᠯᠡᠳᠡᠬᠡᠭᠰᠡᠨ᠃ ᠡᠢᠮᠦᠷᠬᠦᠦ ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ ᠨᠢ ᠮᠠᠰᠢ ᠥᠪᠡᠷᠮᠢᠴᠡ ᠤᠳᠬ᠎ᠠ ᠠᠭᠤᠯᠭ᠎ᠠ ᠳᠠᠢ ᠰᠠᠨᠠᠭᠳᠠᠯ᠎ᠠ᠃ ᠬᠣᠵᠢᠮ ᠬᠤᠢᠰᠢᠳᠠ ᠰᠤᠷᠭᠠᠭᠤᠯᠢ ᠡᠴᠡ ᠡᠢᠮᠦᠷᠬᠦᠦ ᠮᠠᠶᠢᠭ᠎ᠤᠨ ᠨᠠᠢᠷᠠᠯ ᠳᠠᠭᠤᠤ᠎ᠶᠢᠨ ᠪᠦᠯᠬᠦᠮ ᠢ᠋ ᠪᠠᠢᠭᠤᠯᠪᠠᠯ ᠪᠢ ᠳᠤᠷᠠᠳᠠᠶ᠎ᠠ ᠢᠳᠡᠪᠬᠢᠳᠡᠢ ᠤᠷᠤᠯᠴᠠᠵᠤ᠂ ᠤᠷᠠᠯᠢᠭ᠋᠎ᠢᠶᠠᠷ ᠳᠠᠮᠵᠢᠨ ᠭᠠᠵᠠᠷ ᠤᠷᠤᠨ᠎ᠤ ᠪᠠᠨ ᠰᠣᠶᠣᠯ᠎ᠢ ᠨᠡᠩ ᠭᠦᠨᠵᠡᠭᠡᠢ ᠣᠢᠯᠠᠭᠠᠬᠤ᠎ᠶᠢ ᠬᠦᠰᠡᠵᠦ ᠪᠠᠢᠨ᠎ᠠ》 ᠬᠡᠵᠦ ᠶᠠᠷᠢᠨ᠎ᠠ᠃

ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠬᠤ᠂ ᠬᠤᠪᠢᠰᠬᠠᠯᠳᠤ ᠰᠤᠶᠤᠯ᠎ᠢ᠋ ᠤᠯᠠᠮᠵᠢᠯᠠᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠳᠤ ᠰᠤᠶᠤᠯ᠎ᠢ ᠵᠠᠯᠭᠠᠮᠵᠢᠯᠠᠬᠤ᠂ ᠠᠮᠤᠷ ᠲᠦᠪᠰᠢᠨ᠎ᠤ ᠬᠦᠮᠦᠵᠢᠯ᠂ ᠰᠢᠨᠵᠢᠯᠡᠬᠦ ᠤᠬᠠᠭᠠᠨ᠎ᠤ ᠬᠦᠮᠦᠵᠢᠯ᠂ ᠰᠡᠳᠬᠢᠴᠡ ᠵᠢᠨ ᠬᠦᠮᠦᠵᠢᠯ᠂ ᠬᠦᠳᠡᠯᠮᠦᠷᠢ ᠵᠢᠨ ᠬᠦᠮᠦᠵᠢᠯ ᠁ ᠬᠡᠬᠦᠴᠢᠯᠡᠨ ᠦᠪᠦᠷ ᠮᠤᠩᠭᠤᠯ᠎ᠤᠨ ᠡᠯ᠎ᠠ ᠳᠤᠮᠳᠠᠳᠤ ᠪᠠᠭ᠎ᠠ ᠰᠤᠷᠭᠠᠭᠤᠯᠢ ᠵᠢᠨ ᠬᠢᠨ ᠪᠠᠶᠠᠯᠢᠭ ᠠᠭᠤᠯᠭ᠎ᠠ ᠳᠠᠢ 《ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠤᠷᠤᠵᠤ᠂ ᠰᠤᠷᠤᠭᠴᠢᠳ ᠲᠸ᠋ ᠤᠯᠤᠰ ᠵᠢᠡᠨ ᠬᠠᠢᠷᠠᠯᠠᠬᠤ᠂ ᠪᠦᠯᠬᠦᠮᠳᠡᠯ᠎ᠢ ᠡᠷᠬᠢᠮᠯᠡᠬᠦ᠂ ᠠᠮᠤᠷ ᠲᠦᠪᠰᠢᠨ᠎ᠤ ᠤᠬᠠᠮᠰᠠᠷ ᠵᠢᠡᠨ ᠳᠡᠬᠡᠭᠰᠢᠯᠡᠬᠦᠯᠬᠦ᠂ ᠬᠦᠳᠡᠯᠮᠦᠷᠢ ᠵᠢ ᠲᠡᠭᠡᠳᠦᠯᠡᠬᠦ ᠮᠡᠳᠤ ᠵᠢᠨ ᠬᠦᠮᠦᠵᠢᠯ ᠬᠦᠷᠳᠡᠬᠡᠵᠦ᠂ ᠪᠠᠶᠠᠷ ᠪᠠᠶᠠᠰᠤᠯ ᠲᠠᠢ ᠰᠢᠨ᠎ᠡ ᠰᠤᠷᠤᠯᠭ᠎ᠠ ᠵᠢᠨ ᠬᠤᠭᠤᠴᠠᠭ᠎ᠠ ᠪᠠᠨ ᠤᠬᠳᠤᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面