ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-09 09:47:49

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

ᠠᠩᠬᠠᠳᠤᠭᠠᠷ ᠬᠤᠭᠤᠴᠠᠭᠠᠨ᠎ᠤ 《ᠳᠤᠮᠳᠠᠳᠤ ᠪᠠᠨ ᠬᠠᠮᠲᠦ ᠪᠡᠷ ᠮᠠᠬᠲᠠᠨ ᠲᠠᠭᠤᠯᠠᠶ᠎ᠠ·ᠪᠥᠬᠥ ᠤᠯᠤᠰ᠎ᠤᠨ ᠵᠠᠯᠠᠭᠤᠴᠤᠳ ᠪᠠᠭᠠᠴᠤᠳ᠎ᠤᠨ ᠰᠠᠢᠨ ᠳᠤᠷ᠎ᠠ᠎ᠶᠢᠨ ᠤᠷᠠᠨ ᠵᠣᠬᠢᠶᠠᠯ᠎ᠤᠨ ᠵᠣᠬᠢᠶᠠᠨ ᠪᠦᠲᠦᠭᠡᠯᠭᠡ ᠪᠠ ᠤᠷᠠᠨ ᠤᠩᠰᠢᠯᠭ᠎ᠠ᠎ᠶᠢᠨ ᠤᠷᠤᠯᠳᠤᠭᠠᠨ》 ᠤ᠋ ᠥ

ᠲᠦᠷᠦᠭᠦᠭᠡᠨ᠂ ᠠᠩᠬᠠᠳᠤᠭᠠᠷ ᠬᠤᠭᠤᠴᠠᠭᠠᠨ᠎ᠤ 《ᠳᠤᠮᠳᠠᠳᠤ ᠪᠠᠨ ᠬᠠᠮᠲᠦ ᠪᠡᠷ ᠮᠠᠬᠲᠠᠨ ᠲᠠᠭᠤᠯᠠᠶ᠎ᠠ·ᠪᠦᠬᠦ ᠤᠯᠤᠰ᠎ᠤᠨ ᠵᠠᠯᠠᠭᠤᠴᠤᠳ ᠪᠠᠭᠠᠴᠤᠳ᠎ᠤᠨ ᠰᠠᠢᠨ ᠳᠤᠷ᠎ᠠ᠎ᠶᠢᠨ ᠤᠷᠠᠨ ᠵᠣᠬᠢᠶᠠᠯ᠎ᠤᠨ ᠵᠣᠬᠢᠶᠠᠨ ᠪᠦᠲᠦᠭᠡᠯᠭᠡ ᠪᠠ ᠤᠷᠠᠨ ᠤᠩᠰᠢᠯᠭ᠎ᠠ᠎ᠶᠢᠨ ᠤᠷᠤᠯᠳᠤᠭᠠᠨ》 (ᠳᠣᠷᠣᠭ᠍ᠰᠢ 《ᠰᠠᠢᠨ ᠳᠤᠷ᠎ᠠ᠎ᠶᠢᠨ ᠤᠷᠤᠯᠳᠤᠭᠠᠨ》 ᠭᠡᠵᠦ ᠳᠥᠭᠥᠮᠴᠢᠯᠡᠨ᠎ᠡ) ᠤ᠋ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠰᠢᠯᠢᠳᠡᠭ ᠪᠦᠲᠦᠭᠡᠯ᠎ᠦᠨ ᠦᠵᠡᠭᠦᠯᠭᠡ᠎ᠶᠢᠨ ᠲᠣᠭᠯᠠᠯᠲᠠ ᠵᠢᠴᠢ ᠱᠠᠩᠨᠠᠯ ᠣᠯᠭᠣᠬᠤ ᠶᠣᠰᠣᠯᠠᠯ ᠠᠮᠵᠢᠯᠲᠠ᠎ᠲᠠᠢ ᠶᠠᠪᠤᠭᠳᠠᠪᠠ᠃

ᠰᠠᠢᠨ ᠳᠤᠷ᠎ᠠ᠎ᠶᠢᠨ ᠤᠷᠤᠯᠳᠤᠭᠠᠨ᠎ᠤ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ ᠤᠷᠤᠯᠳᠤᠭᠠᠨ᠎ᠢ ᠳᠤᠮᠳᠠᠳᠤ ᠤᠯᠤᠰ᠎ᠤᠨ ᠵᠠᠯᠠᠭᠤᠴᠤᠳ᠎ᠤᠨ ᠰᠣᠨᠢᠨ᠎ᠤ ᠬᠣᠷᠢᠶ᠎ᠠ ᠡᠴᠡ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ ᠢ᠋ᠢᠨ ᠪᠦᠯᠦᠭᠯᠡᠯ ᠡᠴᠡ ᠲᠠᠭᠠᠭᠠᠴᠢᠯᠠᠨ ᠡᠷᠬᠢᠯᠡᠪᠡ᠃ ᠲᠤᠰ ᠤᠳᠠᠭ᠎ᠠ᠎ᠶᠢᠨ ᠦᠵᠡᠭᠦᠯᠭᠡ᠎ᠶᠢᠨ ᠲᠣᠭᠯᠠᠯᠲᠠ ᠨᠢ ᠤᠮᠠᠷᠠᠲᠤ ᠬᠢᠯᠢ᠎ᠶᠢᠨ ᠵᠠᠯᠠᠭᠤᠴᠤᠳ ᠪᠠᠭᠠᠴᠤᠳ᠎ᠤᠨ ᠰᠠᠢᠨ ᠳᠤᠷ᠎ᠠ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠬᠤ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠬᠤ᠂ ᠵᠠᠯᠠᠭᠤ ᠨᠠᠰᠤᠨ᠎ᠤ ᠴᠤᠭ ᠵᠢᠪᠬᠤᠭ᠎ᠠ᠎ᠶᠢ ᠭᠦᠢᠴᠡᠳ ᠢᠯᠡᠷᠡᠭᠦᠯᠬᠦ ᠪᠠ ᠪᠦᠬᠦ ᠣᠷᠣᠨ᠎ᠤ ᠵᠠᠯᠠᠭᠤᠴᠤᠳ ᠪᠠᠭᠠᠴᠤᠳ᠎ᠲᠤ ᠠᠪᠢᠶᠠᠰ ᠴᠢᠳᠠᠪᠤᠷᠢ᠎ᠪᠠᠨ ᠢᠯᠡᠷᠡᠭᠦᠯᠬᠦ᠂ ᠰᠠᠢᠨ ᠰᠠᠨᠠᠭ᠎ᠠ᠎ᠶᠢ ᠳᠠᠮᠵᠢᠭᠤᠯᠬᠤ ᠰᠢᠯᠢᠳᠡᠭ ᠪᠣᠶ᠋ᠢᠵᠢᠯᠲᠠ᠎ᠶᠢᠨ ᠲᠠᠪᠴᠠᠩ᠎ᠢ ᠪᠠᠢᠭᠤᠯᠵᠤ ᠥᠭᠬᠦ ᠵᠢ ᠵᠤᠷᠢᠪᠠ᠃

ᠪᠦᠬᠦ ᠣᠷᠣᠨ᠎ᠤ ᠳᠤᠮᠳᠠᠳᠤ ᠪᠠᠭ᠎ᠠ ᠰᠤᠷᠭᠠᠭᠤᠯᠢ ᠶ᠋ᠢᠨ ᠬᠣᠶᠠᠷ ᠲᠦᠮᠡ ᠭᠠᠷᠤᠢ ᠰᠤᠷᠤᠭ᠍ᠴᠢᠳ᠎ᠤᠨ ᠳᠤᠮᠳᠠ ᠠ᠋ᠴᠠ ᠴᠣᠯᠭᠣᠷᠠᠨ ᠭᠠᠷᠤᠭᠰᠠᠨ ᠱᠠᠩᠨᠠᠯ ᠬᠦᠷᠲᠡᠭᠴᠢᠳ᠎ᠦᠨ ᠲᠥᠯᠥᠭᠡᠯᠡᠭᠴᠢᠳ ᠡᠴᠡ 《ᠯᠧᠢ ᠹᠧᠩ᠎ᠤᠨ ᠵᠣᠷᠢᠭ᠋ ᠰᠠᠨᠠᠭ᠎ᠠ ᠶ᠋ᠢ ᠪᠠᠳᠠᠷᠠᠭᠤᠯᠤᠨ ᠡᠷᠬᠢᠮ ᠰᠤᠷᠲᠠᠯ᠎ᠲᠠᠢ ᠪᠠᠭᠠᠴᠤᠳ ᠪᠣᠯᠬᠤ᠎ᠪᠠᠷ ᠲᠡᠮᠡᠴᠡᠶ᠎ᠡ》᠂ 《ᠬᠡᠷᠡᠯ ᠰᠠᠴᠤᠷᠠᠩᠭᠤᠢ ᠯᠧᠢ ᠹᠧᠩ᠎ᠤᠨ ᠵᠣᠷᠢᠭ᠋ ᠰᠠᠨᠠᠭ᠎ᠠ》᠂ 《ᠮᠢᠨᠤ ᠬᠦᠰᠡᠯ ᠡᠷᠡᠮᠡᠯᠵᠡᠯ》 ᠵᠡᠷᠭᠡ ᠰᠢᠯᠢᠳᠡᠭ ᠤᠷᠠᠨ ᠵᠣᠬᠢᠶᠠᠯ᠎ᠤᠨ ᠲᠣᠭᠯᠠᠯᠲᠠ ᠭᠠᠷᠭᠠᠵᠦ᠂ ᠤᠷᠠᠨ ᠵᠣᠬᠢᠶᠠᠯ᠎ᠤᠨ ᠵᠣᠬᠢᠶᠠᠨ ᠪᠦᠲᠦᠭᠡᠯᠭᠡ ᠶ᠋ᠢᠨ ᠤᠷᠤᠯᠳᠤᠭᠠᠨ᠎ᠤ ᠰᠢᠯᠢᠳᠡᠭ ᠤᠷᠤᠯᠴᠠᠬᠴᠢ ᠡᠴᠡ ᠵᠣᠬᠢᠶᠠᠨ ᠪᠦᠲᠦᠭᠡᠭᠰᠡᠨ ᠤᠷᠠᠨ ᠵᠣᠬᠢᠶᠠᠯ ᠢ᠋ᠶ᠋ᠡᠨ ᠬᠤᠪᠢᠶᠠᠯᠴᠠᠪᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠰᠢᠯᠢᠳᠡᠭ ᠵᠣᠬᠢᠶᠠᠨ ᠪᠠᠶ᠋ᠢᠭᠤᠯᠤᠬᠰᠠᠨ ᠨᠢᠭᠡᠴᠢ᠂ ᠰᠢᠯᠢᠳᠡᠭ ᠵᠢᠭᠠᠨ ᠵᠢᠯᠤᠭᠣᠳᠤᠬᠰᠠᠨ ᠪᠠᠭ᠍ᠰᠢ᠂ ᠨᠢᠭᠡᠳᠦᠭᠡᠷ ᠳᠡᠰ᠎ᠤᠨ ᠱᠠᠩᠨᠠᠯ ᠬᠦᠷᠳᠡᠭᠴᠢ᠎ᠶᠢᠨ ᠲᠥᠯᠥᠭᠡᠯᠡᠭᠴᠢ᠎ᠳᠦ ᠢᠷᠠᠭᠤ ᠠᠯᠳᠠᠷ᠎ᠤᠨ ᠦᠨᠡᠮᠯᠡᠯ ᠣᠯᠭᠣᠵᠠᠢ᠃ ᠠᠵᠢᠯᠯᠠᠭ᠎ᠠ᠎ᠳᠤ᠂ ᠡᠯ᠎ᠡ ᠰᠤᠷᠭᠠᠭᠤᠯᠢ᠎ᠶᠢᠨ ᠵᠠᠬᠢᠷᠤᠯ᠂ ᠰᠢᠯᠢᠳᠡᠭ ᠵᠢᠭᠠᠨ ᠵᠢᠯᠣᠭᠣᠳᠤᠭ᠍ᠴᠢ ᠪᠠᠭ᠍ᠰᠢ᠎ᠶᠢᠨ ᠲᠥᠯᠥᠭᠡᠯᠡᠭᠴᠢᠳ ᠰᠤᠷᠭᠠᠭᠤᠯᠢ᠎ᠶᠢᠨ ᠬᠦᠷᠢᠶᠡᠨ᠎ᠦ ᠰᠠᠢᠨ ᠳᠤᠷ᠎ᠠ᠎ᠶᠢᠨ ᠰᠣᠶᠣᠯ᠎ᠤᠨ ᠪᠠᠢᠭᠤᠯᠤᠯᠲᠠ᠂ ᠵᠠᠯᠠᠭᠤᠴᠤᠳ ᠪᠠᠭᠠᠴᠤᠳ᠎ᠤᠨ ᠰᠠᠢᠨ ᠳᠤᠷ᠎ᠠ᠎ᠶᠢᠨ ᠤᠷᠠᠨ ᠵᠤᠬᠢᠶᠠᠯ᠎ᠤᠨ ᠵᠤᠬᠢᠶᠠᠨ ᠪᠦᠲᠦᠭᠡᠯᠭᠡ ᠵᠢ ᠬᠦᠮᠦᠵᠢᠭᠦᠯᠬᠦ ᠢ᠋ᠢᠨ ᠲᠤᠭᠤᠷᠢᠨ᠎ᠳᠤ ᠦᠢᠯᠡᠳᠦᠯᠭᠡ᠎ᠶᠢᠨ ᠲᠤᠷᠰᠢᠯᠭ᠎ᠠ ᠪᠠᠨ ᠰᠣᠯᠢᠯᠴᠠᠵᠤ᠂ ᠶᠣᠰᠣ᠌ ᠰᠤᠷᠲᠠᠬᠤᠨ᠎ᠢᠶᠡᠷ ᠬᠥᠮᠥᠨ᠎ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ᠎ᠵᠢᠨ ᠲᠤᠬᠠᠢ ᠶᠠᠷᠢᠯᠴᠠᠵᠠᠭᠠᠪᠠ᠃ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠨᠡᠷᠡᠳᠦ ᠰᠠᠢᠨ ᠳᠤᠷ᠎ᠠ᠎ᠶᠢᠨ ᠠᠵᠢᠯᠯᠠᠭ᠍ᠴᠢ ᠭᠤᠤ ᠸᠧᠢ ᠤᠷᠢᠯᠭ᠎ᠠ᠎ᠪᠠᠷ ᠲᠤᠬᠠᠢ᠎ᠶᠢᠨ ᠲᠠᠯᠠᠪᠠᠢ᠎ᠳᠤ ᠢᠷᠡᠵᠤ᠂ 11 ᠵᠢᠯ ᠳᠠᠯᠠᠨ ᠬᠠᠷ᠎ᠠ ᠠᠭᠤᠯᠠᠨ᠎ᠳᠤ ᠠᠮᠢ ᠠᠬᠤᠢ ᠵᠢ ᠬᠠᠮᠠᠭᠠᠯᠠᠬᠰᠠᠨ ᠨᠡᠢᠲᠡ ᠢ᠋ᠢᠨ ᠠᠰᠠᠷᠠᠮᠵᠢ᠎ᠶᠢᠨ ᠥᠩᠭᠡᠷᠡᠯᠲᠡ ᠪᠠᠨ ᠬᠤᠪᠢᠶᠠᠯᠴᠠᠵᠤ᠂ ᠰᠢᠨᠲᠠᠷᠠᠰᠢ ᠦᠭᠡᠢ ᠪᠠᠲᠤ ᠰᠠᠬᠢᠯᠲᠠ᠎ᠪᠠᠷ ᠵᠠᠯᠠᠭᠤᠴᠤᠳ ᠪᠠᠭᠠᠴᠤᠳ᠎ᠲᠤ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ᠎ᠶᠢᠨ ᠰᠠᠢᠨ ᠳᠤᠷ᠎ᠠ᠎ᠶᠢᠨ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠠᠭᠤᠯᠤᠭᠳᠠᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠪᠠ᠃

ᠤᠷᠤᠯᠳᠤᠭᠠᠨ᠎ᠤ ᠲᠥᠯᠦᠪᠵᠢᠭᠦᠯᠭᠡ᠎ᠶᠢ ᠦᠨᠳᠦᠰᠦᠯᠡᠪᠡᠯ᠂ ᠪᠦᠬᠦ ᠤᠯᠤᠰ᠎ᠤᠨ ᠰᠠᠭᠤᠷᠢ ᠤᠷᠤᠯᠳᠤᠭᠠᠨ᠎ᠤ ᠤᠮᠠᠷᠠᠲᠦ ᠤᠷᠤᠨ᠎ᠤ ᠬᠡᠰᠡᠭ᠎ᠦᠨ ᠤᠷᠤᠯᠳᠤᠭᠠᠨ᠎ᠤ ᠲᠣᠭᠣᠷᠢᠭ᠋᠎ᠢ ᠯᠢᠶᠣᠤᠨᠢᠩ᠎ᠤᠨ ᠠᠨᠱᠠᠨ᠎ᠳᠤ ᠲᠣᠬᠢᠷᠠᠭᠤᠯᠵᠤ᠂ ᠤᠷᠤᠯᠳᠤᠭᠠᠨ᠎ᠳᠤ ᠣᠷᠣᠯᠴᠠᠭᠰᠠᠳ ᠡᠨᠳᠡ ᠪᠦᠬᠦ ᠤᠯᠤᠰ᠎ᠤᠨ ᠰᠠᠭᠤᠷᠢ ᠤᠷᠤᠯᠳᠤᠭᠠᠨ᠎ᠤ ᠨᠢᠭᠡᠳᠦᠭᠡᠷ᠂ ᠬᠣᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯ᠎ᠢ ᠰᠢᠯᠭᠠᠷᠠᠭᠤᠯᠵᠦ᠂ ᠰᠠᠭᠤᠷᠢ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ ᠬᠦᠷᠲᠡᠭᠴᠢᠳ ᠨᠢ ᠪᠦᠬᠦ ᠤᠯᠤᠰ᠎ᠤᠨ ᠶᠡᠷᠦᠩᠬᠡᠢ ᠰᠢᠢᠳᠪᠦᠷᠢᠲᠦ ᠤᠷᠤᠯᠳᠤᠭᠠᠨ᠎ᠳᠤ ᠤᠷᠤᠯᠴᠠᠵᠦ᠂ ᠪᠦᠬᠦ ᠤᠯᠤᠰ᠎ᠤᠨ ᠠᠷᠪᠠᠨ ᠬᠦᠴᠦᠷᠬᠡᠭ᠎ᠢ ᠰᠢᠯᠭᠠᠷᠠᠭᠤᠯᠤᠨ ᠭᠠᠷᠭᠠᠵᠤ᠂ ᠤᠷᠤᠯᠳᠤᠭᠠᠨ᠎ᠤ ᠣᠨᠴᠠ ᠳᠡᠰ᠎ᠤᠨ ᠱᠠᠩᠨᠠᠯ᠎ᠢ ᠪᠤᠯᠢᠶᠠᠯᠳᠤᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面