2026-09-14 10:34:01
ᠲᠦᠷᠦᠬᠦᠬᠡᠨ᠂ ᠪᠤᠭᠤᠲᠤ᠌ ᠬᠣᠲᠠ᠎ᠶᠢᠨ ᠠᠩᠬᠠᠳᠠᠭᠴᠢ ᠰᠣᠷᠣᠭᠴᠢ ᠲᠤᠰᠴᠤ᠌ ᠬᠦᠷᠭᠡᠬᠦ᠌ ᠲᠤᠰᠬᠠᠶ ᠲᠡᠷᠭᠡᠨ ᠵᠠᠮ (SDPL)᠎ᠢ᠋ ᠲᠤᠰ ᠬᠤᠳᠠ ᠵᠢᠨ ᠪᠣᠯᠣᠳ ᠲᠡᠮᠦᠷ᠎ᠦᠨ ᠶᠡᠬᠡ ᠵᠡᠭᠡᠯᠢ᠎ᠶᠢᠨ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠺᠦᠨᠪᠸᠢ ᠬᠤᠪᠢᠶᠠᠷᠢ ᠰᠤᠷᠭᠠᠭᠤᠯᠢ᠎ᠳᠤ ᠵᠢᠩᠬᠢᠨᠢ᠎ᠪᠡᠷ ᠲᠤᠷᠰᠢᠨ ᠠᠵᠢᠯᠯᠠᠭᠤᠯᠪᠠ᠃ ᠡᠨᠡ ᠪᠣᠯ ᠪᠤᠭᠤᠲᠤ᠎ᠶᠢᠨ ᠵᠠᠮ ᠬᠠᠷᠢᠯᠴᠠᠭᠠᠨ᠎ᠤ ᠴᠠᠭᠳᠠᠭ᠎ᠠ᠎ᠶᠢᠨ ᠨᠠᠷᠢᠯᠢᠭᠵᠢᠭᠤᠯᠤᠭᠰᠠᠨ ᠵᠠᠮ ᠬᠠᠷᠢᠯᠴᠠᠭᠠᠨ᠎ᠤ ᠵᠠᠰᠠᠯᠲᠠ᠎ᠶᠢᠨ ᠵᠠᠭᠪᠤᠷ᠎ᠢᠶᠠᠷ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠵᠠᠮ ᠨᠡᠪᠲᠡᠷᠡᠯᠭᠡ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ᠌ ᠨᠢᠭᠡ ᠵᠦᠢᠯ᠎ᠦᠨ ᠰᠢᠨ᠎ᠡ᠎ᠶᠢ ᠡᠭᠦᠳᠬᠦ᠌ ᠠᠷᠭ᠎ᠠ ᠬᠡᠮᠵᠢᠶ᠎ᠡ ᠪᠠᠢᠵᠦ᠂ ᠡᠨᠡ ᠨᠢ ᠪᠤᠭᠤᠲᠤ᠌ ᠬᠣᠲᠠ᠎ᠶᠢᠨ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠵᠠᠮ ᠬᠠᠷᠢᠯᠴᠠᠭᠠᠨ᠎ᠤ ᠵᠣᠬᠢᠶᠠᠨ ᠪᠠᠶ᠋ᠢᠭᠤᠯᠤᠯᠲᠠ᠎ᠶᠢ ᠰᠢᠨᠵᠢᠯᠡᠬᠦ᠌ ᠤᠬᠠᠭᠠᠨᠴᠢᠯᠠᠬᠤ᠂ ᠨᠠᠷᠢᠯᠢᠬᠵᠢᠭᠤᠯᠬᠤ ᠲᠡᠶ᠋ᠢᠰᠢ ᠴᠢᠬᠤᠯᠠ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃
ᠲᠠᠨᠢᠯᠴᠠᠭᠤᠯᠤᠭᠰᠠᠨ᠎ᠢᠶᠠᠷ᠂ ᠲᠣᠰ ᠤᠳᠠᠭᠠᠨ᠎ᠤ ᠰᠤᠷᠭᠠᠭᠤᠯᠢ᠎ᠶᠢᠨ ᠬᠦᠷᠢᠶᠡᠨ᠎ᠦ ᠡᠷᠬᠢᠨ ᠲᠣᠭᠣᠷᠢᠨ᠎ᠤ ᠵᠠᠮ ᠬᠠᠷᠢᠯᠴᠠᠭ᠎ᠠ᠎ᠶᠢ ᠲᠠᠰ ᠳᠡᠪᠰᠢᠭᠦᠯᠦᠨ ᠥᠭᠡᠷᠡᠴᠢᠯᠡᠬᠦ᠌ ᠠᠵᠢᠯ᠎ᠨᠢ ᠣᠷᠣᠨ ᠵᠠᠶ᠎ᠶᠢ ᠳᠠᠬᠢᠨ ᠴᠣᠭᠴᠠᠯᠠᠬᠤ᠂ ᠵᠠᠮ᠎ᠤᠨ ᠡᠷᠬᠡ᠎ᠶᠢ ᠬᠤᠪᠢᠶᠠᠷᠢᠯᠠᠬᠤ᠂ ᠲᠥᠬᠥᠭᠡᠷᠦᠮᠵᠢ᠎ᠶᠢ ᠲᠠᠰ ᠳᠡᠪᠰᠢᠭᠦᠯᠬᠦ᠌ ᠂ ᠦᠢᠯᠡᠴᠢᠯᠡᠭᠡᠨ᠎ᠦ ᠪᠠᠲᠤᠯᠠᠭ᠎ᠠ ᠵᠡᠷᠭᠡ ᠳᠥᠷᠪᠡᠨ ᠲᠠᠯ᠎ᠠ᠎ᠶᠢᠨ ᠲᠣᠭᠣᠷᠢᠨ᠎ᠳᠤ ᠵᠡᠷᠭᠡ᠎ᠪᠡᠷ ᠠᠭᠢᠬᠰᠠᠨ ᠪᠠᠢᠨ᠎ᠠ᠃ ᠡᠮᠦᠨ᠎ᠡ ᠬᠤᠭᠤᠴᠠᠭᠠᠨ᠎ᠳᠤ᠂ ᠪᠤᠭᠤᠲᠤ᠎ᠶᠢᠨ ᠵᠠᠮ ᠬᠠᠷᠢᠯᠴᠠᠭᠠᠨ᠎ᠤ ᠴᠠᠭᠳᠠᠭ᠎ᠠ ᠬᠣᠲᠠ᠎ᠶᠢᠨ ᠶᠠᠪᠤᠳᠠᠯ᠂ ᠴᠡᠴᠡᠷᠯᠢᠭᠵᠢᠭᠦᠯᠦᠯᠲᠡ᠎ᠶᠢᠨ ᠰᠠᠯᠠᠭ᠎ᠠ ᠮᠥᠴᠢᠷ᠎ᠲᠡᠶ ᠬᠠᠮᠲᠤᠷᠠᠨ ᠵᠠᠮ ᠦᠩᠬᠡᠷᠡᠬᠦ ᠡᠷᠢᠶᠡᠨ ᠵᠠᠮ᠎ᠤᠨ ᠡᠷᠬᠢᠨ ᠲᠣᠭᠣᠷᠢᠨ᠎ᠤ ᠨᠣᠭᠣᠭᠠᠷᠠᠭᠤᠯᠤᠯᠲᠠ᠎ᠶᠢ ᠬᠠᠯᠬᠠᠯᠠᠭᠰᠠᠨ ᠪᠣᠳᠠ ᠮᠣᠳᠣ᠎ᠶᠢ ᠴᠡᠪᠡᠷᠯᠡᠵᠦ᠍᠂ ᠶᠠᠪᠠᠭᠠᠨ ᠬᠥᠮᠦᠨ᠎ᠦ ᠶᠠᠪᠤᠬᠤ ᠵᠠᠮ᠎ᠢ ᠬᠠᠲᠠᠭᠤᠷᠠᠭᠤᠯᠤᠨ ᠥᠷᠭᠡᠳᠬᠡᠵᠦ᠍᠂ ᠰᠤᠷᠤᠭᠴᠢᠳ᠎ᠤᠨ ᠶᠠᠪᠠᠭᠠᠨ᠎ᠢᠶᠠᠷ ᠵᠡᠭᠡᠯᠢ ᠥᠩᠭᠡᠷᠡᠬᠦ᠌ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠠᠢ᠃ ᠵᠠᠮ᠎ᠳᠤ ᠨᠤᠭᠤᠭᠠᠨ ᠦᠩᠬᠡᠳᠤ ᠲᠤᠰᠴᠤ᠌ ᠬᠦᠷᠭᠡᠬᠦ᠌ ᠲᠠᠪᠴᠠᠩ᠂ ᠤᠯᠤᠰ᠎ᠤᠨ ᠰᠢᠨ᠎ᠡ ᠪᠠᠷᠢᠮᠵᠢᠶᠠᠲᠤ᠌ 《5 — 1 ᠱᠤᠭᠤᠮ》 ᠵᠢᠴᠢ 《ᠲᠤᠰᠴᠤ᠌ ᠬᠦᠷᠭᠡᠬᠦ᠌᠎ᠳᠦ ᠲᠤᠰᠬᠠᠶ ᠬᠡᠷᠡᠭᠯᠡᠬᠦ ᠲᠠᠷᠤᠢ ᠵᠤᠬᠰᠤᠵᠦ ᠳᠠᠷᠤᠢᠬᠠᠨ ᠶᠠᠪᠤᠬᠤ》 ᠥᠩᠭᠡᠲᠦ᠍ ᠰᠡᠷᠡᠮᠵᠢ᠎ᠶᠢᠨ ᠱᠤᠭᠤᠮ᠎ᠢ ᠵᠢᠷᠤᠵᠤ ᠲᠥᠯᠥᠪᠯᠡᠨ᠂ ᠲᠤᠰᠬᠠᠶ ᠵᠢᠭᠠᠯᠲᠠ᠎ᠶᠢᠨ ᠫᠠᠶ᠋ᠢᠰᠠ᠎ᠶᠢ ᠲᠥᠬᠥᠷᠵᠢᠭᠦᠯᠦᠨ ᠪᠠᠶ᠋ᠢᠷᠢᠯᠠᠭᠤᠯᠵᠤ᠂ ᠳᠥᠷᠪᠡᠨ ᠲᠤᠰᠬᠠᠶ ᠬᠠᠷᠢᠶᠠᠯᠠᠭᠳᠠᠬᠤ ᠲᠤᠰᠴᠤ᠌ ᠬᠦᠷᠭᠡᠬᠦ᠌ ᠴᠠᠭ᠎ᠲᠤ᠌ ᠰᠢᠨᠵᠢᠯᠡᠬᠦ᠌ ᠤᠬᠠᠭᠠᠨᠴᠢ ᠴᠠᠭ ᠵᠥᠷᠢᠭᠦᠯᠬᠦ᠌ ᠵᠠᠮ᠎ᠤᠨ ᠡᠷᠬᠡ᠎ᠶᠢᠨ ᠬᠠᠮᠢᠶᠠᠷᠤᠯᠲᠠ᠎ᠶᠢ ᠬᠡᠷᠡᠭᠵᠢᠭᠦᠯᠦᠭᠰᠡᠨ ᠪᠠᠢᠨ᠎ᠠ᠃
ᠡᠭᠦᠨ᠎ᠦ ᠬᠠᠮᠲᠤ᠌ ᠲᠣᠰ ᠰᠤᠷᠭᠠᠭᠤᠯᠢ᠎ᠶᠢᠨ ᠡᠷᠬᠢᠨ ᠲᠣᠭᠣᠷᠢᠨ ᠬᠣᠶᠠᠷ ᠭᠠᠵᠠᠷ᠎ᠤᠨ ᠵᠠᠢ᠎ᠳᠤ ᠶᠠᠪᠠᠭᠠᠨ ᠬᠥᠮᠦᠨ᠎ᠦ ᠬᠥᠨᠳᠡᠯᠡᠨ ᠵᠠᠮ᠎ᠨᠢ ᠲᠠᠰ ᠳᠡᠪᠰᠢᠭᠡᠳ ᠰᠢᠨ᠎ᠡ ᠤᠯᠤᠰ᠎ᠤᠨ ᠲᠡᠮᠳᠡᠭ᠎ᠦᠨ ᠥᠩᠭᠡ ᠠᠯᠠᠬᠯᠠᠬᠰᠠᠨ ᠡᠷᠢᠶᠡᠨ ᠱᠤᠭᠤᠮ ᠪᠣᠯᠵᠣ᠂ ᠰᠤᠷᠤᠭᠴᠢᠳ᠎ᠤᠨ ᠰᠤᠷᠭᠠᠭᠤᠯᠢ ᠵᠢᠨ ᠬᠦᠷᠢᠶᠠᠨ᠎ᠳᠤ ᠣᠷᠣᠵᠤ ᠭᠠᠷᠬᠤ᠎ᠶᠢ ᠲᠣᠳᠣᠷᠬᠠᠶ ᠢᠯᠭᠠᠵᠤ᠂ ᠵᠠᠮ ᠨᠡᠪᠲᠡᠷᠡᠯᠭᠡ ᠵᠢᠨ ᠡᠮᠬᠢ ᠵᠢᠷᠤᠮ ᠦᠬᠡᠢ ᠪᠤᠯᠬᠤ᠎ᠠᠴᠠ ᠵᠠᠢᠯᠠᠰᠬᠢᠵᠦ ᠴᠢᠳᠠᠵᠠᠢ᠃ ᠰᠤᠷᠭᠠᠭᠤᠯᠢ᠎ᠶᠢᠨ ᠡᠭᠦᠳᠡᠨ᠎ᠳᠦ ᠲᠡᠷᠭᠡ ᠵᠣᠭᠰᠣᠭᠠᠬᠤ᠎ᠶᠢ ᠴᠠᠭᠠᠵᠠᠯᠠᠬᠤ ᠲᠣᠣᠷᠴᠢᠯᠠᠬᠰᠠᠨ ᠱᠤᠭᠤᠮ ᠵᠢᠷᠤᠵᠤ᠂ ᠰᠤᠷᠭᠠᠭᠤᠯᠢ᠎ᠶᠢᠨ ᠡᠭᠦᠳᠡᠨ᠎ᠦ ᠣᠷᠣᠵᠤ ᠭᠠᠷᠬᠤ ᠭᠠᠵᠠᠷ ᠢ ᠬᠤᠭᠤᠰᠤᠨ ᠪᠠᠢᠯᠭᠠᠵᠦ ᠢᠯᠭᠤᠮ ᠨᠡᠪᠳᠡᠷᠡᠬᠦ᠎ᠶᠢ ᠪᠠᠲᠤᠯᠠᠬᠰᠠᠨ ᠪᠠᠢᠨ᠎ᠠ; ᠵᠠᠮ᠎ᠤᠨ ᠭᠤᠤᠯ᠎ᠳᠤ ᠲᠤᠰᠠᠭᠠᠷᠯᠠᠬᠤ ᠬᠠᠯᠬᠠᠪᠴᠢ ᠨᠡᠮᠡᠵᠦ᠍ ᠪᠠᠶ᠋ᠢᠷᠢᠯᠠᠭᠤᠯᠤᠨ᠂ ᠲᠡᠷᠭᠡᠨ᠎ᠦ ᠳᠤᠷ᠎ᠠ᠎ᠪᠠᠷ᠎ᠢᠶᠠᠨ ᠡᠷᠭᠢᠬᠦ᠌᠂ ᠱᠤᠭᠤᠮ ᠳᠠᠷᠤᠵᠤ ᠵᠠᠮ ᠰᠣᠯᠢᠬᠤ᠎ᠶᠢ ᠪᠦᠲᠦᠮᠵᠢᠲᠡᠶ ᠬᠣᠷᠢᠭᠯᠠᠵᠤ᠂ ᠬᠥᠨᠳᠡᠯᠡᠨ ᠴᠢᠭᠯᠡᠯ᠎ᠦᠨ ᠲᠡᠷᠭᠡᠨ᠎ᠦ ᠤᠷᠤᠰᠬᠠᠯ᠎ᠤᠨ ᠬᠠᠷᠰᠢᠯᠠᠯ᠎ᠢ ᠪᠠᠭᠠᠰᠬᠠᠨ᠂ ᠵᠠᠮ᠎ᠤᠨ ᠬᠡᠰᠡᠭ᠎ᠦᠨ ᠨᠡᠪᠲᠡᠷᠡᠬᠦ᠌ ᠡᠮᠬᠢ ᠳᠢᠭᠯᠢᠮ᠎ᠢ ᠪᠥᠬᠥ᠌ ᠲᠠᠯ᠎ᠠ᠎ᠪᠠᠷ ᠵᠢᠷᠤᠮᠵᠢᠭᠤᠯᠵᠠᠢ᠃ ᠰᠤᠷᠤᠭᠴᠢᠳ᠎ᠤᠨ ᠲᠤᠰᠴᠤ᠌ ᠬᠦᠷᠭᠡᠬᠦ᠌ ᠲᠤᠰᠬᠠᠶ ᠲᠡᠷᠭᠡᠨ ᠵᠠᠮ ᠨᠢ ᠵᠥᠪᠬᠡᠨ ᠰᠤᠷᠭᠠᠭᠤᠯᠢ᠎ᠳᠤ ᠣᠴᠢᠵᠤ ᠢᠷᠡᠬᠦ᠌ ᠣᠷᠭᠢᠯ᠎ᠤᠨ ᠦᠶ᠎ᠡ᠎ᠳᠦ ᠲᠤᠰᠴᠤ᠌ ᠬᠦᠷᠭᠡᠬᠦ᠌ ᠲᠡᠷᠭᠡ ᠲᠦᠷ ᠴᠠᠭ ᠵᠣᠭᠰᠣᠵᠤ᠂ ᠲᠦᠷᠭᠡᠨ ᠲᠤᠰᠴᠤ᠌᠂ ᠪᠣᠶ ᠪᠥᠬᠥᠶ ᠲᠡᠷᠭᠡ ᠴᠥᠮ ᠳᠠᠷᠤᠶ ᠵᠤᠬᠰᠤᠵᠦ ᠲᠠᠷᠤᠢᠬᠠᠨ ᠶᠠᠪᠤᠬᠤ ᠱᠠᠭᠠᠷᠳᠠᠯᠭ᠎ᠠ᠎ᠶᠢ ᠵᠢᠷᠤᠮᠯᠠᠵᠦ᠂ ᠬᠠᠮᠢᠶᠠᠷᠤᠨ ᠡᠵᠡᠮᠳᠡᠬᠦ᠌ ᠪᠤᠰᠤ ᠴᠠᠭ᠎ᠲᠤ᠌ ᠨᠡᠶ᠋ᠢᠭᠡᠮ᠎ᠦᠨ ᠮᠠᠰᠢᠨ ᠲᠡᠷᠭᠡ᠎ᠶᠢᠨ ᠬᠡᠪ᠎ᠦᠨ ᠪᠠᠶ᠋ᠢᠳᠠᠯ᠎ᠢᠶᠠᠷ ᠨᠡᠪᠲᠡᠷᠡᠬᠦ᠌᠎ᠶᠢ ᠬᠠᠩᠭᠠᠵᠤ᠂ ᠵᠠᠮ᠎ᠤᠨ ᠡᠬᠢ ᠪᠠᠶᠠᠯᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠡᠢᠳᠬᠡᠨ ᠠᠮᠢᠯᠠᠭᠤᠯᠵᠤ᠂ ᠰᠤᠷᠤᠭᠴᠢᠳ᠎ᠤᠨ ᠶᠠᠪᠤᠵᠤ ᠰᠠᠭᠤᠬᠤ ᠠᠮᠤᠷ ᠲᠦᠪᠰᠢᠨ ᠪᠠ ᠬᠣᠲᠠ᠎ᠶᠢᠨ ᠵᠠᠮ ᠱᠤᠭᠤᠮ ᠤᠨ ᠨᠡᠪᠳᠡᠷᠡᠯ᠎ᠤᠨ ᠦᠷ᠎ᠡ ᠪᠦᠲᠦᠮᠵᠢ᠎ᠶᠢ ᠬᠠᠮᠲᠤᠳᠤᠨᠢ ᠬᠠᠷᠠᠭᠠᠯᠵᠠᠬᠰᠠᠨ ᠪᠠᠢᠨ᠎ᠠ᠃
ᠲᠤᠰᠬᠠᠢ ᠲᠡᠷᠭᠡᠨ ᠵᠠᠮ᠎ᠢ ᠠᠰᠢᠭᠯᠠᠯᠲᠠ᠎ᠳᠤ ᠣᠷᠣᠭᠤᠯᠤᠭᠰᠠᠨ᠎ᠤ ᠲᠠᠷᠠᠭ᠎ᠠ᠂ ᠬᠥᠮᠦᠨ ᠪᠠ ᠲᠡᠷᠭᠡ᠎ᠶᠢ ᠪᠦᠲᠦᠮᠵᠢᠲᠡᠢ᠎ᠪᠡᠷ ᠰᠠᠯᠭᠠᠨ ᠲᠤᠬᠢᠷᠠᠭᠤᠯᠬᠤ᠎ᠶᠢ ᠪᠡᠶᠡᠯᠡᠭᠦᠯᠵᠦ᠍᠂ ᠭᠡᠷ᠎ᠦᠨ ᠠᠬᠠᠮᠠᠳ ᠤᠨ ᠰᠤᠷᠤᠬᠴᠢ ᠲᠤᠰᠴᠤ᠌ ᠬᠦᠷᠭᠡᠬᠦ᠌ ᠴᠠᠭ᠎ᠢ ᠶᠡᠬᠡᠪᠡᠷ ᠪᠣᠭᠣᠨᠢᠰᠬᠠᠵᠤ᠂ ᠰᠤᠷᠭᠠᠭᠤᠯᠢ᠎ᠶᠢᠨ ᠬᠦᠷᠢᠶᠡᠨ᠎ᠦ ᠲᠦᠭᠵᠢᠷᠡᠯ᠎ᠦᠨ ᠠᠰᠠᠭᠤᠳᠠᠯ᠎ᠢ ᠢᠯᠡᠳᠲᠡ ᠰᠠᠶ᠋ᠢᠵᠢᠷᠠᠭᠤᠯᠪᠠ᠃ ᠰᠤᠷᠭᠠᠭᠤᠯᠢ ᠣᠷᠭᠢᠯ᠎ᠤᠨ ᠬᠤᠭᠤᠴᠠᠭ᠎ᠠ᠎ᠶᠢ ᠵᠥᠷᠢᠭᠦᠯᠦᠨ ᠰᠤᠷᠭᠠᠭᠤᠯᠢ ᠲᠠᠷᠬᠠᠬᠤ᠂ ᠰᠤᠷᠭᠠᠭᠤᠯᠢ᠎ᠶᠢᠨ ᠬᠦᠷᠢᠶᠡᠨ᠎ᠦ ᠰᠤᠷᠭᠠᠭᠤᠯᠢ᠎ᠶᠢ ᠬᠠᠮᠠᠭᠠᠯᠠᠬᠤ ᠠᠵᠢᠯ᠎ᠤᠨ ᠪᠠᠶ᠋ᠢᠷᠢ᠎ᠶᠢᠨ ᠲᠦᠷᠢᠮ᠎ᠢ ᠵᠡᠷᠭᠡ᠎ᠪᠡᠷ ᠨᠠᠶ᠋ᠢᠳᠠᠪᠤᠷᠢᠵᠢᠭᠤᠯᠵᠤ᠂ ᠬᠡᠷ ᠪᠦᠯᠢ ᠰᠤᠷᠭᠠᠭᠤᠯᠢ ᠴᠠᠭᠳᠠᠭ᠎ᠠ ᠭᠤᠷᠪᠠᠨ ᠲᠠᠯ᠎ᠠ ᠬᠣᠯᠪᠣᠭᠠᠯᠠᠨ ᠵᠢᠵᠢᠭᠦᠷᠯᠡᠬᠦ᠌᠎ᠪᠡᠷ ᠳᠡᠮᠵᠢᠨ᠂ ᠰᠤᠷᠭᠠᠭᠤᠯᠢ᠎ᠶᠢᠨ ᠬᠦᠷᠢᠶᠡᠨ᠎ᠦ ᠨᠡᠪᠲᠡᠷᠡᠬᠦ᠌ ᠡᠮᠬᠢ ᠳᠢᠭᠯᠢᠮ᠎ᠢ ᠦᠷᠭᠦᠯᠵᠢᠯᠡᠨ ᠰᠠᠢᠵᠢᠷᠠᠭᠤᠯᠤᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃