ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-13 10:47:45

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠭᠤᠤᠯᠯᠠᠨ ᠡᠷᠬᠢᠯᠡᠵᠦ᠂ ᠦᠪᠦᠷ ᠮᠤᠩᠭᠤᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠢᠭᠡᠮᠯᠢᠭ ᠡᠴᠡ ᠬᠦᠢᠴᠡᠳᠭᠡᠭᠰᠡᠨ 2026 ᠣᠨ᠎ᠤ ᠥᠪᠥᠷ ᠮᠣᠩᠭᠣᠯ᠎ᠤᠨ 《ᠨᠢᠭᠡ ᠪᠦᠰᠡ ᠨᠢᠭᠡ ᠵᠠᠮ》 ᠲᠠᠭᠠᠤ ᠳᠤᠮᠳᠠᠳᠤ ᠣᠷᠣᠰ ᠮᠣᠩᠭᠣᠯ᠎ᠤᠨ ᠬᠥᠷᠰᠢ ᠵᠡᠷᠭᠡᠯᠡᠳᠡᠭᠡ ᠭᠠᠵᠠᠷ ᠣᠷᠣᠨ ᠵᠢᠴᠢ 《ᠵᠡᠭᠦᠨ ᠬᠣᠢᠲᠤ᠎ᠶᠢᠨ ᠭᠤᠷᠪᠠᠨ ᠮᠤᠵᠢ ᠨᠢᠭᠡ ᠣᠷᠣᠨ》 ᠎ᠤ᠋ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠵᠤᠰᠠᠯᠠᠩ᠎ᠤᠨ ᠠᠵᠢᠯᠯᠠᠭ᠎ᠠ 9 ᠰᠠᠷ᠎ᠠ ᠵᠢᠨ 3 ᠡᠴᠡ 9 ᠎ᠤ᠋ ᠡᠳᠦᠷ ᠪᠤᠯᠳᠠᠯ᠎ᠠ ᠶᠠᠪᠤᠭᠳᠠᠪᠠ᠃ ᠠᠵᠢᠯᠯᠠᠭ᠎ᠠ ᠳ᠋ᠤ ᠤᠷᠤᠰ᠂ ᠮᠣᠩᠭᠣᠯ ᠤᠯᠤᠰ ᠵᠢᠴᠢ ᠮᠠᠨ᠎ᠤ ᠤᠯᠤᠰ᠎ᠤᠨ ᠯᠢᠶᠣᠤᠨᠢᠩ᠂ ᠬᠢᠷᠢᠨ᠂ ᠬᠠᠷᠠᠮᠥ᠋ᠷᠡᠨ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ 12 ᠲᠥᠯᠥᠭᠡᠯᠡᠭᠴᠢᠳ᠎ᠦᠨ ᠪᠦᠯᠬᠦᠮ ᠪᠥᠮᠪᠥᠭᠡ᠎ᠶᠢᠨ ᠮᠡᠷᠭᠡᠵᠢᠯ᠎ᠢᠶᠡᠨ ᠰᠣᠯᠢᠯᠴᠠᠵᠤ ᠨᠥᠬᠥᠷᠯᠡᠯ ᠵᠢᠡᠨ ᠵᠤᠵᠠᠭᠠᠳᠬᠠᠵᠠᠢ᠃

ᠤᠷᠤᠯᠳᠤᠭᠠᠨ ᠨᠢ 9 ᠰᠠᠷ᠎ᠠ᠎ᠶᠢᠨ 4᠎ᠡᠴᠡ ᠡᠬᠢᠯᠡᠭᠰᠡᠨ ᠡᠴᠡ ᠨᠠᠭᠠᠰᠢ ᠡᠷᠡᠭᠲᠡᠢ᠂ ᠡᠮᠡᠭᠲᠡᠢ᠎ᠶᠢᠨ 11 ᠬᠥᠮᠥᠨ᠎ᠦ ᠳᠦᠷᠢᠮᠲᠦ ᠡᠭᠡᠯᠵᠢᠲᠦ ᠤᠷᠤᠯᠳᠤᠭᠠᠨ᠎ᠢ ᠡᠮᠬᠢ ᠵᠢᠷᠤᠮ᠎ᠲᠠᠢ ᠶᠠᠪᠤᠭᠳᠠᠭᠤᠯᠵᠤ᠂ ᠲᠠᠪᠤᠨ ᠡᠳᠦᠷ᠎ᠲᠤ᠌ ᠭᠤᠴᠢᠨ ᠲᠠᠯᠠᠪᠤᠷ ᠤᠷᠤᠯᠳᠤᠵᠤ᠂ ᠡᠴᠦᠰ᠎ᠲᠤ᠌ ᠥᠪᠥᠷ ᠮᠣᠩᠭᠣᠯ᠎ᠤᠨ ᠮᠠᠨᠵᠤᠤᠷ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ ᠪᠠ ᠣᠷᠣᠰ᠎ᠤᠨ ᠤᠯᠠᠭᠠᠠᠠᠦ᠋ᠳᠡ ᠬᠣᠲᠠ᠎ᠶᠢᠨ ᠲᠥᠯᠥᠭᠡᠯᠡᠭᠴᠢᠳ᠎ᠦᠨ ᠠᠩᠭᠢ ᠲᠣᠰ ᠲᠣᠰ ᠡᠷᠡᠭᠲᠡᠢ᠎ᠶᠢᠨ ᠳᠤᠭᠤᠢᠯᠠᠩ ᠪᠠ ᠡᠮᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠰᠢᠯᠭᠠᠷᠠᠵᠠᠢ᠃

ᠤᠷᠤᠯᠳᠤᠭᠠᠨ᠎ᠠᠴᠠ ᠭᠠᠳᠠᠨ᠎ᠠ᠂ ᠵᠤᠰᠠᠯᠠᠩ᠎ᠤᠨ ᠭᠠᠵᠠᠷ᠎ᠤᠨ ᠬᠢᠨ ᠮᠠᠨᠵᠤᠤᠷ᠎ᠤᠨ 《ᠵᠡᠭᠦᠨ ᠠᠽᠢᠶ᠎ᠠ᠎ᠶᠢᠨ ᠴᠣᠩᠬᠣᠪᠴᠢ》 ᠬᠡᠮᠡᠭᠳᠡᠭᠰᠡᠨ ᠵᠠᠭᠤᠨ ᠵᠢᠯ᠎ᠦᠨ ᠪᠣᠭᠣᠮᠲᠠ᠎ᠶᠢᠨ ᠡᠬᠢ ᠪᠠᠶᠠᠯᠢᠭ᠋᠎ᠲᠤ ᠲᠦᠰᠢᠭᠯᠡᠵᠦ᠂ ᠳᠤᠮᠳᠠᠳᠤ ᠭᠠᠳᠠᠭᠠᠳᠤ᠎ᠶᠢᠨ ᠵᠠᠯᠠᠭᠤᠴᠤᠳ ᠪᠠᠭᠠᠴᠤᠳ᠎ᠲᠤ ᠥᠪᠡᠷᠮᠢᠴᠡ ᠣᠨᠴᠠᠯᠢᠭ᠋᠎ᠲᠠᠢ ᠰᠤᠳᠤᠯᠤᠨ ᠰᠤᠷᠤᠯᠴᠠᠬᠤ ᠵᠠᠮ ᠱᠤᠭᠤᠮ᠎ᠢ ᠲᠥᠯᠥᠪᠯᠡᠵᠦ ᠥᠭᠴᠡᠢ᠃ ᠲᠥᠯᠥᠭᠡᠯᠡᠭᠴᠢᠳ᠎ᠦᠨ ᠪᠦᠯᠬᠦᠮ᠎ᠤᠨ ᠬᠢᠨ ᠤᠯᠤᠰ᠎ᠤᠨ ᠡᠭᠦᠳᠡᠨ ᠳ᠋ᠡᠬᠢ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ᠎ᠳᠤ ᠬᠦᠷᠴᠦ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠣᠢᠯᠠᠭᠠᠪᠠ; ᠬᠥᠯᠥᠨ ᠨᠠᠭᠤᠷ᠎ᠲᠤ ᠠᠮᠢ ᠠᠬᠤᠢ᠎ᠶᠢᠨ ᠬᠠᠮᠠᠭᠠᠯᠠᠯᠲᠠ᠎ᠶᠢᠨ ᠰᠤᠳᠤᠯᠭᠠᠨ᠎ᠤ ᠠᠵᠢᠯ ᠥᠷᠨᠢᠭᠦᠯᠵᠦ᠂ ᠨᠣᠮᠢᠨ ᠳᠣᠯᠭᠢᠶᠠᠨ᠎ᠤ ᠳᠤᠮᠳᠠᠭᠤᠷ ᠥᠪᠥᠷ ᠮᠣᠩᠭᠣᠯ᠎ᠤᠨ ᠰᠦᠷᠯᠢᠭ ᠰᠠᠢᠬᠠᠨ᠎ᠦᠩᠬᠡ ᠦᠵᠡᠮᠵᠢ ᠵᠢ ᠰᠤᠨᠢᠷᠬᠠᠬᠤ ᠵᠢᠨ ᠳᠠᠭᠠᠤ ᠪᠤᠳᠠᠰ᠎ᠤᠨ ᠪᠤᠰᠤ ᠰᠤᠶᠤᠯ᠎ᠤᠨ ᠦᠪ᠎ᠢ ᠪᠡᠶᠡᠴᠢᠯᠡᠨ ᠤᠢᠯᠠᠭᠠᠵᠤ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠶ᠋ᠢ ᠣᠢᠯᠠᠭᠠᠵᠠᠢ᠃

ᠲᠤᠰ ᠤᠳᠠᠭ᠎ᠠ᠎ᠶᠢᠨ ᠵᠤᠰᠠᠯᠠᠩ᠎ᠤᠨ ᠠᠵᠢᠯᠯᠠᠭ᠎ᠠ ᠨᠢ ᠬᠥᠯ ᠪᠥᠮᠪᠥᠭᠡ᠎ᠪᠡᠷ ᠬᠣᠯᠪᠣᠭᠠᠰᠤ ᠪᠣᠯᠭᠠᠵᠤ᠂ ᠠᠳᠠᠯᠢ ᠪᠤᠰᠤ ᠤᠯᠤᠰ᠂ ᠮᠤᠵᠢ ᠣᠷᠣᠨ᠎ᠤ ᠵᠠᠯᠠᠭᠤᠴᠤᠳ ᠪᠠᠭᠠᠴᠤᠳ᠎ᠤᠨ ᠨᠥᠬᠥᠷᠯᠡᠯ᠎ᠢ ᠪᠠᠳᠤᠳᠬᠠᠵᠤ᠂ ᠪᠦᠯᠬᠦᠮᠳᠡᠨ ᠬᠠᠮᠵᠢᠯᠴᠠᠬᠤ ᠴᠤᠭ ᠵᠢᠪᠬᠤᠭ᠎ᠠ᠎ᠶᠢ ᠢᠯᠡᠷᠡᠭᠦᠯᠦᠭᠰᠡᠨ ᠪᠠᠢᠨ᠎ᠠ᠃ ᠲᠠᠷᠠᠭᠠᠴᠢ᠎ᠪᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠳᠤᠮᠳᠠᠳᠤ ᠣᠷᠣᠰ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠵᠤᠰᠠᠯᠠᠩ ᠵᠡᠷᠭᠡ ᠲᠦᠷᠦᠯ ᠳᠡᠮᠳᠡᠭᠳᠤ ᠤᠷᠤᠯᠳᠤᠭᠠᠨ᠎ᠢ ᠦᠷᠬᠦᠯᠵᠢᠯᠡᠨ ᠠᠬᠢᠭᠤᠯᠵᠤ᠂ ᠭᠠᠵᠠᠷ ᠣᠷᠣᠨ᠎ᠤ ᠣᠨᠴᠠᠯᠢᠭ᠋᠎ᠲᠠᠢ ᠰᠤᠷᠭᠠᠭᠤᠯᠢ᠎ᠶᠢᠨ ᠬᠦᠷᠢᠶᠡᠨ᠎ᠦ ᠬᠥᠯ ᠪᠥᠮᠪᠥᠭᠡ᠎ᠶᠢᠨ ᠰᠣᠶᠣᠯ᠎ᠤᠨ ᠨᠡᠷ᠎ᠡ᠎ᠶᠢᠨ ᠬᠠᠭᠤᠳᠠᠰᠤ᠎ᠶᠢ ᠡᠬᠦᠳᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面