ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-15 09:27:35

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠂ ᠰᠤᠷᠭᠠᠨ ᠬᠥᠮᠦᠵᠢᠯ᠎ᠦᠨ ᠲᠢᠩᠬᠢᠮ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠲᠠᠶ ᠬᠠᠮᠲᠤᠷᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ᠎ᠨᠦᠭᠦᠳ》(ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ᠍ ᠲᠣᠪᠴᠢᠯᠠᠨ᠎ᠠ) ᠢ᠋ ᠳᠠᠷᠤᠮᠠᠯᠯᠠᠨ ᠲᠠᠷᠬᠠᠭᠠᠪᠠ᠃ ᠡᠨᠡ ᠪᠣᠯ ᠥᠪᠥᠷ ᠮᠣᠩᠭᠣᠯ ᠠᠩᠬ᠎ᠠ ᠤᠳᠠᠭ᠎ᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢᠲᠠᠨ᠎ᠢ ᠪᠡᠶ᠎ᠡ᠎ᠪᠡᠨ ᠳᠠᠭᠠᠭᠠᠭᠰᠠᠨ ᠴᠢᠳᠠᠪᠤᠷᠢᠲᠠᠨ᠎ᠤ ᠲᠥᠷᠥᠯ ᠢᠯᠭᠠᠯ ᠪᠣᠯᠭᠠᠵᠤ᠂ ᠲᠤᠰᠬᠠᠶ ᠲᠥᠷᠥᠯ᠎ᠵᠦᠢᠯ ᠵᠢᠡᠷ ᠰᠢᠰᠲ᠋ᠧᠮᠳᠤ ᠴᠢᠨᠠᠷᠲᠠᠶ ᠪᠡᠷ ᠲᠡᠳᠬᠦᠨ ᠳᠡᠮᠵᠢᠬᠦ᠌ ᠲᠥᠷᠥ᠎ᠶᠢᠨ ᠪᠣᠳᠣᠯᠭ᠎ᠠ᠎ᠶᠢ ᠨᠡᠶ᠋ᠢᠲᠡᠯᠡᠵᠦ᠍᠂ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠦᠭᠵᠢᠬᠦᠯᠬᠦ》 ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠪᠴᠢᠶᠡᠨ᠎ᠳᠦ ᠣᠷᠣᠭᠤᠯᠵᠤ᠂ ᠪᠥᠬᠥ᠌ ᠣᠷᠣᠨ᠎ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠤᠯᠠᠮ ᠨᠢᠭᠡ ᠠᠯᠬᠤᠮ ᠪᠦᠷᠢᠨᠰᠢᠭᠦᠯᠦᠭᠰᠡᠨ ᠶᠠᠪᠤᠳᠠᠯ ᠪᠤᠯᠤᠨ᠎ᠠ᠃

ᠥᠪᠥᠷ ᠮᠣᠩᠭᠣᠯ᠎ᠤᠨ ᠠᠵᠤ ᠦᠢᠯᠡᠰ᠎ᠦᠨ ᠡᠬᠢ ᠪᠠᠶᠠᠯᠢᠭ᠎ᠤᠨ ᠲᠠᠪᠠᠭᠤᠯᠢᠭ ᠬᠢᠭᠡᠳ ᠰᠢᠨ᠎ᠡ᠎ᠶᠢ ᠡᠭᠦᠳᠬᠦ ᠬᠥᠭᠵᠢᠯᠳᠠ ᠵᠢᠨ ᠪᠣᠳᠠᠲᠤ᠌ ᠪᠠᠶ᠋ᠢᠳᠠᠯ᠎ᠳᠤ ᠰᠠᠭᠤᠷᠢᠯᠠᠨ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠤ᠂ 《ᠠᠷᠭ᠎ᠠ ᠬᠡᠮᠵᠢᠶ᠎ᠡ᠎ᠨᠦᠭᠦᠳ》 ᠲᠦ᠍ ᠲᠤᠤᠷᠠᠬᠢ ᠪᠠᠢᠳᠠᠯ᠎ᠢ ᠲᠤᠳᠤᠷᠬᠠᠢᠯᠠᠪᠠ᠄ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢᠲᠠᠨ ᠪᠤᠯ ᠮᠡᠷᠭᠡᠵᠢᠯ᠎ᠦᠨ ᠳᠠᠭᠠᠭᠠᠮᠠᠯ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡ᠂ ᠨᠡᠪᠴᠢᠭᠦᠯᠦᠨ ᠡᠵᠡᠩᠨᠡᠬᠦ᠂ ᠮᠡᠳᠡᠯᠭᠡ᠎ᠶᠢᠨ ᠦᠮᠴᠢᠯᠡᠯ᠎ᠤᠨ ᠡᠷᠬᠡ ᠵᠡᠷᠭᠡ ᠣᠯᠠᠨ ᠲᠥᠷᠥᠯ᠎ᠦᠨ ᠲᠤᠰᠬᠠᠶ ᠮᠡᠷᠭᠡᠵᠢᠯ᠎ᠦᠨ ᠬᠠᠮᠲᠤᠯᠢᠭ᠂ 《ᠰᠠᠭᠤᠷᠢ ᠰᠤᠳᠤᠯᠭᠠᠨ + ᠮᠡᠷᠭᠡᠵᠢᠯ᠎ᠦᠨ ᠪᠣᠭᠣᠮᠲᠠ ᠰᠢᠪᠲᠤᠯᠤᠯᠲᠠ + ᠦᠷ᠎ᠡ ᠪᠦᠲᠦᠭᠡᠯ᠎ᠦᠨ ᠤᠨᠳᠤᠤᠰᠢᠭᠤᠯᠤᠯᠳᠠ + ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ + ᠴᠢᠳᠠᠪᠤᠷᠢᠲᠠᠨ᠎ᠤ ᠲᠤᠯᠭᠠᠭᠤᠷᠢᠯᠠᠯ》 ᠦ᠋ᠨ ᠪᠥᠬᠥ᠌ ᠶᠠᠪᠤᠴᠠ᠎ᠶᠢᠨ ᠰᠢᠨ᠎ᠡ᠎ᠶᠢ ᠡᠭᠦᠳᠬᠦ᠌ ᠬᠡᠯᠬᠢᠶ᠎ᠡ᠎ᠶᠢᠨ ᠴᠢᠬᠤᠯᠠ ᠨᠢᠭᠡ ᠭᠣᠭᠴᠣᠭ᠎ᠠ ᠪᠣᠯᠤᠨ᠎ᠠ᠂ ᠴᠢᠳᠠᠪᠤᠷᠢᠲᠠᠨ᠎ᠢ ᠬᠥᠮᠦᠵᠢᠭᠦᠯᠬᠦ᠂ ᠠᠵᠢᠯ᠎ᠤᠨ ᠪᠠᠶ᠋ᠢᠷᠢ᠎ᠶᠢᠨ ᠴᠢᠳᠠᠪᠤᠷᠢ ᠣᠯᠭᠣᠬᠤ᠂ ᠲᠠᠪᠴᠠᠩ᠎ᠤᠨ ᠲᠤᠯᠭᠠᠭᠤᠷᠢᠯᠠᠯ᠂ ᠵᠣᠬᠢᠶᠠᠨ ᠪᠠᠶ᠋ᠢᠭᠤᠯᠤᠯᠲᠠ᠎ᠶᠢᠨ ᠪᠠᠲᠤᠯᠠᠭ᠎ᠠ ᠵᠡᠷᠭᠡ ᠳᠥᠷᠪᠡᠨ ᠲᠠᠯ᠎ᠠ᠎ᠡᠴᠡ 14 ᠵᠦᠢᠯ᠎ᠦᠨ ᠬᠠᠲᠠᠭᠤ ᠴᠢᠩᠭ᠎ᠠ ᠠᠷᠭ᠎ᠠ ᠬᠡᠮᠵᠢᠶ᠎ᠡ ᠭᠠᠷᠭᠠᠵᠤ᠂ 《ᠣᠷᠣᠭᠤᠯᠤᠨ ᠠᠪᠴᠢᠷᠠᠬᠤ᠂ ᠬᠦᠮᠦᠵᠢᠬᠦᠯᠦᠨ ᠪᠤᠢᠵᠢᠭᠤᠯᠬᠤ᠂ ᠪᠠᠳᠤᠯᠬᠠᠤ》 ᠵᠢ ᠨᠢᠭᠡ ᠴᠣᠭᠴᠠᠵᠢᠭᠤᠯᠬᠤ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠎ᠢ ᠪᠤᠢ ᠪᠤᠯᠭᠠᠵᠤ᠂ ᠪᠥᠬᠥ᠌ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢᠲᠠᠨ᠎ᠤ ᠡᠩᠨᠡᠭᠡ᠎ᠶᠢᠨ ᠴᠢᠨᠠᠷ ᠰᠠᠶ᠋ᠢᠲᠠᠶ ᠬᠥᠭᠵᠢᠯᠲᠡ ᠵᠢ ᠪᠠᠳᠤᠳᠬᠠᠨ᠎ᠠ᠃

《ᠠᠷᠭ᠎ᠠ ᠬᠡᠮᠵᠢᠶ᠎ᠡ᠎ᠨᠦᠭᠦᠳ》 ᠲᠤ᠌᠂ 2028 ᠣᠨ ᠪᠣᠯᠬᠤ᠎ᠳᠤ᠂ ᠪᠥᠬᠥ᠌ ᠣᠷᠣᠨ᠎ᠳᠤ ᠳᠡᠭᠡᠳᠦ ᠵᠡᠷᠭᠡ᠎ᠶᠢᠨ ᠮᠡᠷᠭᠡᠵᠢᠯ᠎ᠦᠨ ᠳᠠᠭᠠᠭᠠᠮᠠᠯ᠎ᠢ 500 ᠎ᠡᠴᠠ ᠳᠡᠭᠡᠭᠰᠢ ᠬᠥᠮᠦᠵᠢᠭᠦᠯᠦᠨ ᠪᠤᠢᠵᠢᠭᠤᠯᠵᠤ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠡᠯ᠎ᠡ ᠲᠥᠷᠥᠯ᠎ᠦᠨ ᠰᠢᠨ᠎ᠡ᠎ᠶᠢ ᠡᠭᠦᠳᠬᠦ᠌ ᠲᠠᠪᠴᠠᠩ᠎ᠤᠨ ᠲᠤᠰᠬᠠᠶ ᠲᠤᠰᠢᠶᠠᠯᠲᠤ᠌ ᠮᠡᠷᠭᠡᠵᠢᠯ᠎ᠦᠨ ᠳᠠᠭᠠᠭᠠᠮᠠᠯ᠎ᠤᠨ ᠠᠵᠢᠯ᠎ᠤᠨ ᠪᠠᠶ᠋ᠢᠷᠢ᠎ᠶᠢ ᠪᠦᠷᠢᠨ ᠳᠣᠭᠢᠷᠠᠭᠤᠯᠤᠨ ᠬᠦᠴᠦᠷᠬᠡᠭᠵᠢᠭᠦᠯᠬᠦ᠌᠎ᠶᠢ ᠠᠬᠢᠭᠤᠯᠵᠤ᠂ ᠭᠤᠤᠯᠳᠠᠯᠭ᠎ᠠ᠎ᠲᠠᠶ ᠰᠢᠨ᠎ᠡ᠎ᠶᠢ ᠡᠭᠦᠳᠬᠦ᠌ ᠭᠤᠤᠯ ᠴᠣᠭᠴᠠ᠎ᠶᠢᠨ ᠠᠵᠢᠯ᠎ᠤᠨ ᠪᠠᠶ᠋ᠢᠷᠢ᠎ᠶᠢ 100 ᠡᠴᠠ ᠳᠡᠭᠡᠭᠰᠢ ᠭᠠᠷᠭᠠᠬᠤ᠎ᠶᠢ ᠪᠡᠶᠡᠯᠡᠭᠦᠯᠵᠦ᠍᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠲᠤᠰᠬᠠᠶ᠋ᠢᠵᠢᠭᠰᠠᠨ ᠴᠢᠳᠠᠪᠤᠷᠢᠲᠠᠨ᠎ᠤ ᠲᠤᠯᠭᠠᠭᠤᠷᠢᠯᠠᠯ᠎ᠢ ᠪᠠᠲᠤ᠌ ᠴᠤᠬᠴᠠᠯᠠᠨ᠎ᠠ ᠭᠡᠵᠦ᠍ ᠳᠤᠷᠠᠳᠴᠠᠶ; ᠮᠡᠷᠭᠡᠵᠢᠯ ᠮᠡᠳᠡᠬᠦ᠌᠂ ᠵᠠᠬ᠎ᠠ ᠳᠡᠯᠭᠡᠭᠦᠷ ᠮᠡᠳᠡᠬᠦ᠌᠂ ᠬᠠᠤᠯᠢ ᠴᠠᠭᠠᠵᠠ ᠮᠡᠳᠡᠬᠦ᠌᠂ ᠮᠥᠩᠭᠥᠨ ᠭᠦᠢᠯᠭᠡᠭᠡᠨ ᠮᠡᠳᠡᠬᠦ᠌ ᠬᠠᠮ ᠬᠡᠯᠪᠡᠷᠢ᠎ᠶᠢᠨ ᠮᠡᠷᠭᠡᠵᠢᠯ᠎ᠦᠨ ᠡᠵᠡᠩᠨᠡᠨ ᠬᠠᠮᠢᠶᠠᠷᠤᠭᠴᠢ᠎ᠶᠢᠨ ᠡᠩᠨᠡᠭᠡ᠎ᠶᠢ ᠬᠦᠴᠦ᠎ᠪᠡᠨ ᠲᠥᠪᠯᠡᠷᠡᠭᠦᠯᠦᠨ ᠳᠠᠪᠲᠠᠨ ᠪᠣᠯᠪᠠᠰᠤᠷᠠᠭᠤᠯᠵᠤ᠂ ᠨᠥᠬᠥᠴᠡᠯ᠎ᠲᠡᠶ ᠶᠡᠬᠡ ᠳᠡᠭᠡᠳᠦ ᠰᠤᠷᠭᠠᠭᠤᠯᠢ ᠳ᠋ᠤ ᠮᠡᠷᠭᠡᠵᠢᠯ ᠰᠢᠯᠵᠢᠭᠦᠯᠬᠦ᠌ ᠰᠤᠷᠤᠯᠭ᠎ᠠ᠎ᠶᠢᠨ ᠨᠠᠮᠲᠠᠷ᠎ᠤᠨ ᠰᠤᠷᠭᠠᠨ ᠬᠥᠮᠦᠵᠢᠯ ᠡᠷᠭᠢᠯᠡᠬᠦ᠌᠎ᠶᠢ ᠳᠡᠮᠵᠢᠵᠦ᠍᠂ ᠡᠷᠳᠡᠮ᠎ᠦᠨ ᠴᠣᠯᠠ᠎ᠶᠢᠨ ᠰᠤᠷᠭᠠᠨ ᠬᠥᠮᠦᠵᠢᠯ᠎ᠢᠶᠡᠷ ᠭᠠᠷᠳᠡᠴᠡ ᠪᠣᠯᠭᠠᠵᠤ᠂ ᠰᠤᠷᠭᠠᠨ ᠬᠥᠮᠦᠵᠢᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠭᠴᠠᠵᠢᠭᠤᠯᠤᠨ ᠬᠥᠭᠵᠢᠭᠦᠯᠬᠦ᠌᠎ᠶᠢ ᠠᠬᠢᠭᠤᠯᠤᠨ᠎ᠠ ᠬᠡᠵᠤ ᠲᠤᠷᠠᠳᠴᠠᠢ᠃

ᠡᠭᠦᠨ᠎ᠦ ᠬᠠᠮᠲᠤ᠌᠂ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠡᠵᠡᠨ ᠮᠡᠳᠡᠬᠦ᠌ ᠡᠷᠬᠡ᠎ᠶᠢ ᠳᠣᠷᠣᠭᠰᠢ ᠪᠠᠭᠤᠯᠭᠠᠵᠤ᠂ ᠪᠣᠳᠠᠲᠤ᠌ ᠠᠮᠵᠢᠯᠲᠠ ᠪᠦᠲᠦᠮᠵᠢ᠎ᠪᠡᠷ ᠲᠣᠪᠣᠶ᠋ᠢᠮ᠎ᠠ ᠬᠥᠮᠦᠰ᠎ᠲᠦ᠍ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠶᠢ ᠰᠢᠭᠤᠳ ᠤᠯᠭᠤᠵᠤ ᠪᠣᠯᠬᠤ᠎ᠶᠢᠨ ᠬᠠᠮᠲᠤ᠌᠂ ᠠᠵᠢᠯ ᠦᠢᠯᠡᠰ᠎ᠦᠨ ᠨᠢᠭᠡᠴᠢ᠎ᠵᠢᠨ ᠬᠢᠨ᠎ᠤ ᠦᠷ᠎ᠡ ᠪᠦᠲᠦᠭᠡᠯ᠎ᠢ ᠤᠨᠳᠤᠤᠰᠢᠭᠤᠯᠤᠭᠰᠠᠨ ᠴᠡᠪᠡᠷ ᠣᠷᠣᠯᠭ᠎ᠠ᠎ᠵᠢᠨ ᠳᠣᠲᠣᠷ᠎ᠠ᠎ᠡᠴᠡ 10% ᠡᠴᠡ ᠳᠤᠤᠷ᠎ᠠ ᠥᠬᠡᠶ᠎ᠮᠦᠩᠬᠦ ᠵᠢ ᠴᠢᠳᠠᠪᠤᠷᠢᠲᠠᠨ᠎ᠤ ᠱᠠᠩᠨᠠᠯ᠎ᠳᠤ ᠬᠡᠷᠡᠭᠯᠡᠵᠤ ᠪᠤᠯᠤᠨ᠎ᠠ᠂ ᠠᠵᠢᠯ᠎ᠤᠨ ᠪᠦᠲᠦᠮᠵᠢ᠎ᠶᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠦ ᠬᠢᠵᠠᠭᠠᠷᠯᠠᠭᠳᠠᠬᠤ ᠥᠬᠡᠶ ᠭᠡᠵᠦ᠍ ᠲᠣᠳᠣᠷᠬᠠᠶ᠋ᠢᠯᠠᠪᠠ᠃ 《ᠮᠧᠩ ᠺᠧ ᠵᠢᠦᠢ》 ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠪᠴᠠᠩ᠂ ᠥᠪᠥᠷ ᠮᠣᠩᠭᠣᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠮᠣ ᠵᠠᠬ᠎ᠠ ᠳᠡᠯᠭᠡᠭᠦᠷ᠎ᠲᠦ᠍ ᠲᠦᠰᠢᠭᠯᠡᠨ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢ ᠨᠢᠭᠡ ᠴᠣᠭᠴᠠᠵᠢᠭᠤᠯᠤᠭᠰᠠᠨ ᠠᠵᠢᠯ ᠡᠷᠭᠢᠯᠡᠬᠦ᠌ ᠦᠢᠯᠡᠴᠢᠯᠡᠭᠡᠨ᠎ᠦ ᠲᠠᠪᠴᠠᠩ᠎ᠢ ᠪᠠᠶ᠋ᠢᠭᠤᠯᠵᠤ᠂ 2028 ᠣᠨ ᠪᠣᠯᠬᠤ᠎ᠳᠤ ᠲᠠᠪᠴᠠᠩ᠎ᠳᠤ ᠳᠠᠩᠰᠠᠯᠠᠭᠤᠯᠤᠭᠰᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠴᠢᠳᠠᠪᠤᠷᠢᠲᠠᠨ᠎ᠢ 2000 ᠬᠥᠮᠦᠨ᠎ᠢ ᠳᠠᠪᠠᠭᠤᠯᠬᠤ᠎ᠪᠠᠷ ᠴᠢᠷᠮᠠᠶ᠋ᠢᠨ᠎ᠠ᠃

ᠡᠭᠦᠨ᠎ᠡᠴᠡ ᠭᠠᠳᠠᠨ᠎ᠠ᠂ 《ᠠᠷᠭ᠎ᠠ ᠬᠡᠮᠵᠢᠶ᠎ᠡ᠎ᠨᠦᠭᠦᠳ》 ᠲᠦ᠍ 《ᠰᠲ᠋ᠣᠺ᠂ ᠵᠢᠭᠡᠯᠡᠯᠭᠡ᠂ ᠦᠷᠢ ᠦᠭᠴᠡᠭᠡ᠂ ᠪᠠᠲᠤᠯᠠᠭ᠎ᠠ》 ᠬᠠᠮᠵᠢᠯᠴᠠᠨ ᠬᠣᠯᠪᠣᠭᠠᠯᠠᠨ ᠬᠦᠳᠡᠯᠤᠯᠴᠡᠬᠦ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠴᠢᠳᠠᠪᠤᠷᠢᠲᠠᠨ᠎ᠢ ᠬᠥᠮᠦᠵᠢᠭᠦᠯᠬᠦ᠌ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠴᠢᠳᠠᠪᠤᠷᠢᠲᠠᠨ᠎ᠢ ᠬᠥᠲᠥᠯᠥᠨ ᠵᠢᠯᠣᠭᠣᠳᠴᠤ᠌ ᠪᠠᠶ᠋ᠢᠭᠠᠳ 《ᠡᠷᠲᠡ ᠪᠠᠯᠠ ᠣᠷᠣᠭᠤᠯᠬᠤ᠂ ᠵᠣᠷᠢᠭᠲᠠᠶ᠎ᠪᠠᠷ ᠪᠠᠯᠠ ᠣᠷᠣᠭᠤᠯᠬᠤ》᠂ ᠣᠯᠠᠨ ᠡᠰᠢᠲᠦ᠍ ᠮᠥᠩᠭᠥᠨ ᠭᠦᠢᠯᠭᠡᠭᠡᠨ᠎ᠦ ᠡᠬᠢ ᠪᠠᠶᠠᠯᠢᠭ᠎ᠤᠨ ᠰᠢᠨ᠎ᠡ᠎ᠶᠢ ᠡᠭᠦᠳᠬᠦ᠌ ᠪᠥᠬᠥ᠌ ᠬᠡᠯᠬᠢᠶ᠎ᠡ᠎ᠶᠢ ᠨᠡᠪᠲᠡᠷᠡᠭᠦᠯᠬᠦ᠌᠎ᠶᠢ ᠳᠠᠶ᠋ᠢᠴᠢᠯᠠᠨ᠎ᠠ᠃ ᠦᠢᠯᠡᠰ ᠪᠤᠰᠬᠠᠬᠤ ᠵᠢ ᠨᠡᠪᠴᠢᠭᠦᠯᠬᠦ᠌᠂ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠬᠦᠷᠢᠶ᠎ᠡ ᠴᠠᠷᠠᠭ᠎ᠠ᠎ᠳᠠᠬᠢ ᠴᠢᠳᠠᠪᠤᠷᠢᠲᠠᠨ᠎ᠢ ᠬᠥᠮᠦᠵᠢᠭᠦᠯᠬᠦ᠌ ᠠᠷᠭ᠎ᠠ ᠵᠠᠮ᠎ᠢ ᠵᠡᠷᠭᠡ᠎ᠳᠦᠨᠢ ᠪᠦᠷᠢᠨᠰᠢᠬᠦᠯᠵᠦ᠍᠂ ᠵᠠᠬ᠎ᠠ ᠳᠡᠯᠭᠡᠭᠦᠷᠴᠢᠯᠡᠯᠲᠡ᠎ᠶᠢᠨ ᠵᠥᠪ ᠴᠢᠭᠯᠡᠯ᠎ᠢᠶᠡᠷ ᠤᠷᠮᠠᠰᠢᠭᠤᠯᠬᠤ᠎ᠶᠢ ᠴᠢᠩᠭᠠᠷᠠᠭᠤᠯᠤᠨ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠤᠯᠠᠷᠢᠭᠤᠯᠤᠨ ᠴᠡᠪᠡᠷ ᠠᠰᠢᠭ ᠣᠯᠵᠠᠪᠤᠷᠢ᠎ᠡᠴᠡ ᠱᠠᠩᠨᠠᠯ᠎ᠢᠶᠠᠷ ᠪᠤᠳᠤᠵᠤ ᠠᠪᠬᠤ᠂ ᠠᠰᠢᠭ ᠣᠷᠣᠯᠭ᠎ᠠ ᠬᠤᠪᠢᠶᠠᠷᠢᠯᠠᠨ ᠰᠲ᠋ᠣᠺ ᠡᠵᠡᠮᠰᠢᠬᠦ᠌ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠨᠠᠶ᠋ᠢᠳᠠᠪᠤᠷᠢᠵᠢᠭᠤᠯᠬᠤ᠎ᠶᠢ ᠳᠡᠮᠵᠢᠵᠦ᠍᠂ ᠴᠢᠳᠠᠪᠤᠷᠢᠲᠠᠨ᠎ᠤ ᠰᠢᠨ᠎ᠡ᠎ᠶᠢ ᠡᠭᠦᠳᠴᠦ᠍ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠨ᠂ ᠰᠢᠨ᠎ᠡ᠎ᠶᠢ ᠡᠭᠦᠳᠬᠦ᠌ ᠥᠷᠲᠡᠭ᠎ᠦᠨ ᠵᠠᠬ᠎ᠠ ᠳᠡᠯᠭᠡᠭᠦᠷᠴᠢᠯᠡᠯᠲᠡ᠎ᠶᠢ ᠪᠡᠶᠡᠯᠡᠭᠦᠯᠬᠦ᠌ ᠨᠡᠪᠲᠡᠷᠡᠯ ᠵᠠᠮ᠎ᠢ ᠨᠡᠪᠲᠡᠷᠡᠭᠦᠯᠵᠦ᠍᠂ ᠰᠢᠨ᠎ᠡ᠎ᠶᠢ ᠡᠭᠦᠳᠬᠦ᠌ ᠬᠡᠯᠬᠢᠶ᠎ᠡ᠎ᠶᠢᠨ ᠪᠥᠬᠥ᠌ ᠬᠡᠯᠬᠢᠶᠡᠨ᠎ᠦ ᠬᠥᠭᠵᠢᠯᠲᠡ᠎ᠳᠦ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面