2026-09-14 11:49:44
ᠰᠤᠷᠪᠤᠯᠵᠢᠯᠠᠭᠴᠢ ᠥᠪᠦᠷ ᠮᠣᠩᠭᠤᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠳᠤᠨ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ ᠪᠡᠭᠡᠵᠢᠩ᠎ᠳᠦ ᠶᠠᠪᠤᠭᠳᠠᠭᠰᠠᠨ ᠬᠣᠷᠢᠨ ᠨᠢᠭᠡᠳᠦᠭᠡᠷ ᠬᠤᠭᠤᠴᠠᠭᠠᠨ᠎ᠤ ᠰᠥᠩ ᠴᠢᠩ ᠯᠢᠩ ᠨᠡᠷᠡᠮᠵᠢᠳᠦ ᠪᠠᠭᠠᠴᠤᠳ ᠬᠡᠦᠬᠡᠳ᠎ᠦᠨ ᠡᠬᠦᠳᠦᠯᠳᠡ᠎ᠶ᠋ᠢᠨ ᠱᠠᠩᠨᠠᠯ᠎ᠤᠨ ᠡᠴᠦᠰ᠎ᠦᠨ ᠰᠢᠯᠭᠠᠷᠠᠭᠤᠯᠤᠯᠳᠠ ᠪᠠ ᠱᠠᠩᠨᠠᠯ ᠣᠯᠭᠤᠬᠤ ᠠᠵᠢᠯᠯᠠᠭ᠎ᠠ ᠳᠡᠭᠡᠷ᠎ᠡ ᠥᠪᠦᠷ ᠮᠣᠩᠭᠤᠯ᠎ᠤᠨ ᠲᠥᠯᠦᠭᠡᠯᠡᠭᠴᠢᠳ᠎ᠦᠨ ᠪᠦᠯᠭᠦᠮ᠎ᠤᠨ 9 ᠡᠭᠦᠳᠦᠯᠳᠠ ᠵᠢᠨ ᠪᠦᠳᠦᠭᠡᠯ᠂ 11 ᠵᠦᠢᠯ᠎ᠤᠨ ᠵᠣᠬᠢᠶᠠᠮᠠᠯ ᠣᠶᠤᠨ ᠴᠢᠳᠠᠪᠤᠷᠢ (ᠫᠷᠤᠭ᠌ᠷᠠᠮ ᠨᠠᠶ᠋ᠢᠷᠠᠭᠤᠯᠬᠤ) ᠵᠢᠨ ᠪᠦᠲᠦᠭᠡᠯ ᠡᠴᠦᠰ᠎ᠤᠨ ᠰᠢᠯᠭᠠᠷᠠᠭᠤᠯᠤᠯᠳᠠ᠎ᠳᠤ ᠣᠷᠤᠵᠤ᠂ 8 ᠪᠦᠲᠦᠭᠡᠯ᠎ᠨᠢ ᠪᠥᠬᠦ᠌ ᠤᠯᠤᠰ᠎ᠤᠨ ᠬᠦᠷᠡᠯ ᠱᠠᠩᠨᠠᠯ᠎ᠢ ᠭᠥᠷᠳᠡᠵᠦ᠍᠂ ᠲᠡᠦᠬᠡᠲᠦ᠍ ᠴᠢᠨᠠᠷᠲᠠᠢ ᠰᠢᠪᠲᠤᠯᠤᠯᠲᠠ᠎ᠶ᠋ᠢ ᠪᠡᠶᠡᠯᠡᠭᠦᠯᠪᠡ᠃
ᠲᠣᠰ ᠤᠳᠠᠭᠠᠨ᠎ᠤ ᠤᠷᠤᠯᠳᠤᠭᠠᠨ᠎ᠳᠤ ᠪᠥᠬᠦ᠌ ᠤᠯᠤᠰ᠎ᠤᠨ ᠡᠯ᠎ᠡ ᠮᠤᠵᠢ (ᠣᠷᠤᠨ᠂ ᠬᠣᠲᠠ)᠂ ᠰᠢᠶᠠᠩᠭᠠᠩ ᠣᠣᠮᠧᠨ ᠵᠢᠴᠢ ᠮᠠᠯᠠᠢᠰᠢᠶ᠎ᠠ᠎ᠵᠢᠨ 6 ᠲᠦᠮᠡ ᠭᠠᠷᠤᠢ ᠵᠠᠯᠠᠭᠤᠴᠤᠳ ᠪᠠᠭᠠᠴᠤᠳ ᠣᠷᠤᠯᠴᠠᠵᠤ᠂ 5.4 ᠲᠦᠮᠡ ᠭᠠᠷᠤᠢ ᠪᠦᠲᠦᠭᠡᠯᠰᠢᠯᠭᠠᠷᠠᠭᠤᠯᠤᠯᠳᠠᠳᠦ ᠣᠷᠤᠯᠴᠠᠵᠤ᠂ ᠰᠢᠨ᠎ᠡ ᠲᠡᠮᠳᠡᠭᠯᠡᠯ᠎ᠢ ᠡᠭᠦᠳᠪᠡ᠃ ᠥᠪᠦᠷ ᠮᠣᠩᠭᠤᠯ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠣᠷᠳᠤᠨ ᠰᠢᠨ᠎ᠡ᠎ᠶ᠋ᠢ ᠡᠭᠦᠳᠬᠦ᠌ ᠭᠤᠤᠯ ᠵᠢᠭᠰᠠᠭᠠᠯ᠎ᠤᠨ ᠭᠠᠵᠠᠷ᠎ᠤᠨ ᠦᠢᠯᠡᠳᠦᠯ ᠵᠢᠡᠨ ᠭᠦᠢᠴᠡᠳ ᠪᠠᠳᠠᠷᠠᠭᠤᠯᠵᠤ᠂ ᠪᠥᠬᠦ᠌ ᠣᠷᠤᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠨᠢᠭᠡᠳᠦᠯᠲᠡᠢ ᠲᠥᠯᠦᠪᠵᠢᠬᠦᠯᠦᠨ᠂ ᠠᠶ᠋ᠢᠮᠠᠭ ᠬᠤᠲᠠ ᠡᠴᠡ ᠨᠡᠷ᠎ᠡ ᠮᠡᠳᠡᠭᠦᠯᠬᠦ᠂ ᠪᠦᠲᠦᠭᠡᠯ᠎ᠢ ᠬᠢᠨᠠᠨ ᠬᠠᠷᠭᠤᠭᠤᠯᠬᠤ᠂ ᠲᠤᠰᠭᠠᠢ ᠮᠡᠷᠭᠡᠵᠢᠯᠲᠡᠨ ᠦᠨᠡᠯᠡᠯᠲᠡ ᠬᠢᠬᠦ᠂ ᠮᠤᠵᠢ᠎ᠶ᠋ᠢᠨ ᠤᠷᠤᠯᠳᠤᠭᠠᠨ ᠳ᠋ᠤ ᠰᠢᠯᠢᠨ ᠰᠣᠩᠭᠤᠬᠤ ᠵᠡᠷᠭᠡ ᠭᠤᠭᠴᠤᠭ᠎ᠠ᠎ᠪᠠᠷ ᠳᠠᠮᠵᠢᠭᠤᠯᠤᠨ᠂ 1173 ᠲᠥᠷᠦᠯ ᠵᠦᠢᠯ᠎ᠤᠨ ᠳᠣᠲᠤᠷ᠎ᠠ᠎ᠡᠴᠡ 253 ᠰᠢᠯᠢᠳᠡᠭ ᠪᠦᠲᠦᠭᠡᠯ᠎ᠢ ᠰᠣᠩᠭᠤᠨ ᠭᠠᠷᠭᠠᠵᠤ ᠤᠯᠤᠰ᠎ᠤᠨ ᠠᠩᠬᠠᠨ᠎ᠤ ᠰᠢᠯᠭᠠᠷᠠᠭᠤᠯᠤᠯᠲᠠ᠎ᠳᠤ ᠲᠠᠨᠢᠯᠴᠠᠭᠤᠯᠪᠠ᠃ ᠡᠴᠤᠰ᠎ᠦᠨ ᠰᠢᠯᠭᠠᠷᠠᠭᠤᠯᠤᠯᠳᠠ ᠳ᠋ᠤ ᠤᠷᠤᠭᠰᠠᠨ ᠡᠬᠦᠳᠦᠯᠳᠡ ᠵᠢᠨ ᠪᠦᠳᠦᠭᠡᠯ᠎ᠤᠳ ᠪᠤᠯ ᠥᠪᠦᠷ ᠮᠣᠩᠭᠤᠯ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭᠴᠢᠳ᠎ᠤᠨ ᠴᠢᠳᠠᠮᠠᠭᠠᠢ᠎ᠪᠠᠷ ᠠᠵᠢᠭᠯᠠᠬᠤ᠂ ᠴᠢᠳᠠᠮᠠᠭᠠᠢ᠎ᠪᠠᠷ ᠰᠡᠳᠬᠢᠬᠦ᠂ ᠵᠣᠷᠢᠭᠲᠠᠢ᠎ᠪᠠᠷ ᠡᠭᠦᠳᠦᠨ ᠪᠦᠲᠦᠭᠡᠬᠦ᠌ ᠰᠢᠨᠵᠢᠯᠡᠬᠦ᠌ ᠤᠬᠠᠭᠠᠨᠴᠢ ᠬᠡᠪ ᠪᠣᠯᠪᠠᠰᠤᠷᠠᠯ ᠪᠣᠯᠤᠨ ᠣᠶᠤᠨ ᠰᠠᠨᠠᠭᠠᠨ᠎ᠤ ᠳᠦᠷᠰᠦ ᠪᠠᠶ᠋ᠢᠳᠠᠯ᠎ᠢ ᠭᠦᠢᠴᠡᠳ ᠢᠯᠡᠷᠡᠭᠦᠯᠦᠭᠰᠡᠨ ᠪᠠᠶ᠋ᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃