ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-20 17:30:40

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠰᠤᠳᠤᠯᠭᠠᠨ ᠬᠢᠭᠡᠳ ᠠᠬᠢᠭᠤᠯᠬᠤ ᠲᠥᠪ᠎ᠡᠴᠡ ᠳᠠᠭᠠᠭᠠᠴᠢᠯᠠᠨ ᠡᠷᠭᠢᠯᠡᠭᠰᠡᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠬᠢᠭᠡᠳ ᠨᠢᠳᠤᠨ ᠬᠠᠷᠠᠭ᠎ᠠ᠎ᠶᠢᠨ ᠬᠢᠨᠠᠨ ᠬᠡᠮᠵᠢᠯᠲᠡ᠎ᠶᠢᠨ ᠲᠣᠭ᠎ᠠ ᠪᠠᠷᠢᠮᠲᠠ᠎ᠶᠢ ᠳᠡᠭᠡᠭᠰᠢ ᠮᠡᠳᠡᠭᠦᠯᠬᠦ ᠠᠵᠢᠯ᠎ᠤᠨ ᠪᠣᠯᠪᠠᠰᠤᠷᠠᠯ᠎ᠤᠨ ᠬᠤᠷᠠᠯ ᠲᠦᠷᠦᠬᠦᠬᠡᠨ ᠬᠥᠬᠡᠬᠣᠲᠠ᠎ᠳᠤ ᠶᠠᠪᠤᠭᠳᠠᠵᠤ᠂ ᠲᠣᠭ᠎ᠠ ᠪᠠᠷᠢᠮᠲᠠ᠎ᠶᠢ ᠮᠡᠳᠡᠭᠦᠯᠦᠨ ᠬᠦᠷᠭᠡᠬᠦ ᠠᠵᠢᠯ᠎ᠢ ᠤᠯᠠᠮ ᠴᠢᠨᠠᠭᠰᠢᠳᠠ ᠵᠢᠷᠤᠮᠵᠢᠭᠤᠯᠤᠨ᠂ ᠲᠣᠭ᠎ᠠ ᠪᠠᠷᠢᠮᠲᠠ᠎ᠶᠢᠨ ᠶᠠᠰᠤ ᠴᠢᠨᠠᠷ ᠬᠢᠭᠡᠳ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ᠎ᠶᠢᠨ ᠲᠦᠪᠰᠢᠨ᠎ᠢ ᠳᠡᠭᠡᠭᠰᠢᠯᠡᠭᠦᠯᠪᠡ᠃

ᠪᠣᠯᠪᠠᠰᠤᠷᠠᠯ᠎ᠳᠤ ᠪᠡᠭᠡᠵᠢᠩ᠎ᠦᠨ ᠪᠡᠶ᠎ᠡ᠎ᠶᠢᠨ ᠲᠠᠮᠢᠷ᠎ᠤᠨ ᠶᠡᠬᠡ ᠰᠤᠷᠭᠠᠭᠤᠯᠢ᠂ ᠰᠤᠷᠭᠠᠨ ᠬᠥᠮᠦᠵᠢᠯ᠎ᠦᠨ ᠶᠠᠮᠤᠨ᠎ᠤ ᠰᠤᠷᠭᠠᠨ ᠬᠥᠮᠦᠵᠢᠯ᠎ᠦᠨ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢᠨ ᠲᠥᠪ᠎ᠦᠨ ᠲᠤᠰᠬᠠᠢ ᠮᠡᠷᠬᠡᠵᠢᠯᠳᠡᠨ ᠬᠢᠴᠢᠶᠡᠯ ᠤᠷᠤᠵᠤ᠂ ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ ᠠᠷᠭ᠎ᠠ ᠵᠠᠮ᠂ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠨᠢᠳᠤᠨ ᠬᠠᠷᠠᠭ᠎ᠠ᠎ᠶᠢ ᠬᠢᠨᠠᠨ ᠪᠠᠢᠴᠠᠭᠠᠬᠤ ᠠᠵᠢᠯ᠎ᠤᠨ ᠵᠢᠷᠤᠮᠵᠢᠯ᠎ᠢ ᠰᠢᠰᠲᠧᠮ᠎ᠲᠠᠢ ᠲᠠᠢᠯᠪᠤᠷᠢᠯᠠᠵᠤ᠂ ᠬᠢᠨᠠᠨ ᠪᠠᠢᠴᠠᠭᠠᠵᠤ ᠦᠨᠡᠯᠡᠬᠦ᠂ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠂ ᠬᠢᠴᠢᠶᠡᠯ᠎ᠦᠨ ᠭᠠᠳᠠᠨᠠᠬᠢ ᠪᠣᠯᠪᠠᠰᠤᠷᠠᠯ᠂ ᠤᠷᠤᠯᠳᠤᠭᠠᠨ᠎ᠤ ᠠᠵᠢᠯᠯᠠᠭ᠎ᠠ ᠬᠢᠭᠡᠳ ᠡᠷᠡᠭᠦᠯ ᠮᠡᠨᠳᠦ᠎ᠳᠦ ᠭᠠᠷ ᠲᠦᠷᠦᠭᠦ᠎ᠶᠢ ᠨᠢᠭᠡᠳᠦᠯᠲᠡᠢ ᠲᠥᠯᠥᠪᠯᠡᠨ ᠵᠣᠯᠭᠠᠭᠤᠯᠵᠤ᠂ ᠪᠥᠬᠥ ᠶᠠᠪᠤᠴᠠ᠎ᠵᠢᠨ᠂ ᠰᠢᠰᠲᠧᠮᠵᠢᠭᠰᠡᠨ ᠰᠤᠷᠤᠭ᠍ᠴᠢᠳ᠎ᠤᠨ ᠡᠷᠡᠭᠦᠯ ᠮᠡᠨᠳᠦ᠎ᠶᠢ ᠠᠬᠢᠭᠤᠯᠬᠤ ᠲᠣᠭᠲᠠᠴᠠ᠎ᠶᠢ ᠪᠠᠢᠭᠤᠯᠤᠨ᠂ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠠᠵᠢᠯ᠎ᠢ 《ᠪᠠᠷᠢᠮᠵᠢᠶ᠎ᠠ᠎ᠳᠤ ᠬᠦᠷᠴᠦ ᠬᠢᠷᠢ ᠲᠡᠩᠴᠡᠵᠦ》 ᠪᠠᠢᠭᠰᠠᠨ᠎ᠢ 《ᠪᠡᠶ᠎ᠡ ᠮᠠᠬᠠᠪᠤᠳ ᠡᠷᠡᠭᠦᠯ ᠴᠢᠭᠢᠷᠠᠭ》 ᠪᠣᠯᠭᠠᠨ ᠬᠤᠪᠢᠷᠠᠭᠤᠯᠬᠤ᠎ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃

ᠪᠣᠯᠪᠠᠰᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠶᠢᠨ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠠᠪᠴᠠᠩ᠎ᠤᠨ ᠪᠣᠳᠠᠲᠠᠢ ᠪᠣᠯᠪᠠᠰᠤᠷᠠᠯ᠎ᠰᠣᠷᠢᠯᠲᠠ᠎ᠶᠢ ᠵᠡᠷᠭᠡ ᠪᠡᠷ ᠵᠣᠬᠢᠶᠠᠨ ᠪᠠᠢᠭᠤᠯᠵᠤ᠂ ᠠᠵᠢᠯ᠎ᠤᠨ ᠳᠡᠰ ᠳᠠᠷᠠᠭᠠᠯᠠᠯ᠂ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠂ ᠰᠠᠬᠢᠯᠭ᠎ᠠ ᠪᠠᠲᠤ᠎ᠶᠢᠨ ᠵᠢᠷᠤᠮᠵᠢᠯ᠂ ᠦᠷ᠎ᠡ ᠳ᠋ᠦᠩ᠎ᠦᠨ ᠬᠡᠷᠡᠭᠯᠡᠯᠲᠡ ᠵᠡᠷᠭᠡ ᠲᠠᠯ᠎ᠠ᠎ᠪᠠᠷ ᠱᠠᠭᠠᠷᠳᠠᠯᠭ᠎ᠠ᠎ᠶᠢ ᠨᠠᠷᠢᠯᠢᠭ᠍ᠵᠢᠭᠤᠯᠪᠠ᠃ ᠬᠡᠰᠡᠭ ᠠᠢᠮᠠᠭ ᠬᠣᠲᠠ ᠵᠢᠴᠢ ᠶᠡᠬᠡ ᠳᠡᠭᠡᠳᠦ ᠰᠤᠷᠭᠠᠭᠤᠯᠢ᠎ᠶᠢᠨ ᠲᠥᠯᠥᠭᠡᠯᠡᠭᠴᠢᠳ ᠲᠡᠷᠢᠭᠦᠨ᠎ᠦ ᠠᠵᠢᠯ᠎ᠤᠨ ᠲᠤᠷᠰᠢᠯᠭ᠎ᠠ᠎ᠪᠠᠨ ᠬᠤᠪᠢᠶᠠᠯᠴᠠᠬᠤ᠎ᠶᠢᠨ ᠬᠠᠮᠲᠤ᠂ ᠰᠤᠷᠭᠠᠭᠤᠯᠢ᠎ᠶᠢᠨ ᠠᠵᠢᠯ᠎ᠤᠨ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠤᠨ ᠲᠣᠭᠣᠷᠢᠨ᠎ᠳᠤ ᠲᠥᠪᠯᠡᠷᠡᠭᠦᠯᠦᠨ ᠰᠣᠯᠢᠯᠴᠠᠵᠤ ᠰᠤᠳᠤᠯᠤᠨ ᠶᠠᠷᠢᠯᠴᠠᠬᠤ᠎ᠶᠢ ᠥᠷᠨᠢᠭᠦᠯᠪᠡ᠃

ᠰᠤᠷᠤᠭ᠍ᠴᠢᠳ᠎ᠤᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠬᠢᠭᠡᠳ ᠨᠢᠳᠤᠨ ᠬᠠᠷᠠᠭ᠎ᠠ᠎ᠶᠢ ᠬᠢᠨᠠᠨ ᠬᠡᠮᠵᠢᠭᠰᠡᠨ ᠲᠣᠭ᠎ᠠ ᠪᠠᠷᠢᠮᠲᠠ ᠪᠣᠯ ᠰᠤᠷᠤᠭ᠍ᠴᠢᠳ᠎ᠤᠨ ᠡᠷᠡᠭᠦᠯ ᠮᠡᠨᠳᠦ᠎ᠶᠢᠨ ᠪᠠᠢᠳᠠᠯ᠎ᠢ ᠰᠤᠳᠤᠯᠤᠨ ᠮᠠᠭᠠᠳᠯᠠᠬᠤ᠂ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ᠂ ᠰᠤᠷᠭᠠᠨ ᠬᠥᠮᠦᠵᠢᠯ᠎ᠦᠨ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢ ᠲᠣᠭᠲᠠᠭᠠᠬᠤ ᠴᠢᠬᠤᠯᠠ ᠦᠨᠳᠦᠰᠦᠯᠡᠯ ᠪᠣᠯᠣᠨ᠎ᠠ᠃ ᠰᠤᠷᠭᠠᠨ ᠬᠥᠮᠦᠵᠢᠯ᠎ᠦᠨ ᠲᠢᠩᠬᠢᠮ᠎ᠡᠴᠡ᠂ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠪᠡᠶᠡᠴᠢ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠪᠠᠢᠩᠭᠤ᠎ᠶᠢᠨ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠭᠦᠯᠦᠨ᠂ ᠪᠠᠢᠴᠠᠭᠠᠬᠤ᠂ ᠴᠤᠭᠯᠠᠭᠤᠯᠬᠤ᠂ ᠬᠢᠨᠠᠨ ᠬᠠᠷᠭᠤᠭᠤᠯᠬᠤ᠂ ᠲᠡᠪᠰᠢᠬᠦᠯᠬᠦ ᠪᠥᠬᠥ ᠶᠠᠪᠤᠴᠠ᠎ᠶᠢᠨ ᠵᠢᠷᠤᠮᠵᠢᠯ᠎ᠢ ᠴᠢᠩᠭ᠎ᠠ ᠨᠠᠢᠳᠠᠪᠤᠷᠢᠵᠢᠭᠤᠯᠵᠤ᠂ ᠬᠡᠯᠪᠡᠷᠢᠴᠢ ᠦᠵᠡᠯ᠎ᠢ ᠲᠠᠰᠤ ᠵᠣᠭᠰᠣᠭᠠᠵᠤ᠂ ᠲᠣᠭ᠎ᠠ ᠪᠠᠷᠢᠮᠲᠠ᠎ᠶᠢᠨ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面