2026-09-23 10:19:32
ᠲᠦᠷᠦᠬᠦᠬᠡᠨ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠦᠨ ᠲᠡᠷᠢᠭᠦᠨ᠎ᠦ ᠬᠠᠮᠲᠤ ᠪᠠ ᠲᠡᠷᠢᠭᠦᠨ᠎ᠦ ᠬᠤᠪᠢ ᠬᠥᠮᠥᠨ᠎ᠢ ᠬᠥᠬᠢᠭᠦᠯᠦᠨ ᠰᠠᠢᠰᠢᠶᠠᠬᠤ ᠶᠡᠬᠡ ᠬᠤᠷᠠᠯ ᠵᠢᠴᠢ ᠰᠤᠷᠭᠠᠨ ᠬᠥᠮᠦᠵᠢᠯ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢᠨ ᠬᠤᠷᠠᠯ ᠬᠤᠷᠠᠯᠳᠤᠪᠠ᠃
ᠰᠤᠷᠭᠠᠨ ᠬᠥᠮᠦᠵᠢᠯᠳᠡᠨᠦ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠪᠦᠬᠦ ᠨᠡᠢᠭᠡᠮ᠎ᠢᠶᠡᠷ᠎ᠢᠶᠡᠨ ᠪᠠᠭ᠍ᠰᠢ᠎ᠶᠢ ᠬᠦᠨᠳᠦᠳᠬᠡᠵᠦ ᠰᠤᠷᠭᠠᠨ ᠬᠥᠮᠦᠵᠢᠯ᠎ᠢ ᠴᠢᠬᠤᠯᠠᠴᠢᠯᠠᠬᠤ ᠰᠠᠢᠨ ᠰᠠᠢᠬᠠᠨ ᠪᠠᠢᠳᠠᠯ᠎ᠢ ᠪᠤᠢ ᠪᠣᠯᠭᠠᠬᠤ᠎ᠵᠢᠨ ᠲᠦᠯᠦᠬᠡ᠂ ᠬᠦᠬᠡᠬᠤᠳᠠ᠎ᠶᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠬᠥᠬᠡᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ 30 ᠬᠠᠮᠲᠤᠨᠢᠬᠡᠴᠢ ᠳ᠋ᠤ 《ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠰᠢᠰᠲ᠋ᠧᠮ᠎ᠤᠨ ᠲᠡᠷᠢᠭᠦᠨ᠎ᠦ ᠬᠠᠮᠲᠤ》 ᠵᠢᠨ ᠴᠣᠯᠠ ᠣᠯᠭᠣᠵᠤ᠂ ᠯᠢ ᡁᠢ ᠯᠢᠨ ᠵᠡᠷᠭᠡ 110 ᠨᠥᠬᠥᠳ᠎ᠲᠦ 《ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠰᠢᠰᠲ᠋ᠧᠮ᠎ᠤᠨ ᠲᠡᠷᠢᠭᠦᠨ᠎ᠦ ᠬᠤᠪᠢ ᠬᠥᠮᠥᠨ》 ᠤ᠋ ᠴᠣᠯᠠ ᠤᠯᠭᠤᠪᠠ᠃
ᠬᠤᠷᠠᠯ ᠡᠴᠡ᠂ ᠪᠦᠬᠦ ᠬᠣᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠲᠡᠷᠢᠭᠦᠨ᠎ᠦ ᠬᠢᠪᠡᠷ ᠳᠠᠭᠤᠷᠢᠶᠠᠯ ᠪᠣᠯᠭᠠᠵᠤ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠪᠠᠲᠤ ᠴᠡᠭᠡᠵᠢᠯᠡᠵᠦ᠂ 《ᠡᠷᠡᠭᠦᠯ ᠮᠡᠨᠳᠤ ᠵᠢ ᠲᠡᠷᠢᠭᠦᠨ᠎ᠳᠦ ᠲᠠᠯᠪᠢᠬᠤ》 ᠰᠤᠷᠭᠠᠨ ᠬᠥᠮᠦᠵᠢᠯ᠎ᠦᠨ ᠤᠢᠯᠠᠭᠠᠭᠳᠠᠬᠤᠨ᠎ᠢ ᠪᠠᠷᠢᠮᠲᠠᠯᠠᠨ᠂ ᠰᠤᠷᠭᠠᠨ ᠬᠥᠮᠦᠵᠢᠯ᠎ᠦᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠷᠠᠳ ᠲᠦᠮᠡᠨ᠎ᠳᠦ ᠲᠠᠭᠠᠰᠢᠶᠠᠭᠳᠠᠭᠰᠠᠨ ᠣᠷᠣᠨ᠎ᠤ ᠲᠥᠪ᠎ᠦᠨ ᠰᠤᠷᠭᠠᠨ ᠬᠥᠮᠦᠵᠢᠯ᠎ᠢ ᠰᠠᠢᠲᠤᠷ ᠡᠷᠭᠢᠯᠡᠬᠦ᠎ᠳᠦ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠰᠠᠨᠠᠭᠠᠴᠢᠯᠠᠪᠠ᠃
ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳᠠᠬᠢ ᠬᠤᠪᠢᠶᠠᠷᠢ ᠰᠤᠷᠭᠠᠭᠤᠯᠢ᠂ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠎ᠶᠢᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠪᠠᠭ᠍ᠰᠢ᠎ᠶᠢᠨ ᠲᠥᠯᠥᠭᠡᠯᠡᠭᠴᠢ᠂ ᠰᠤᠷᠭᠠᠭᠤᠯᠢ ᠡᠷᠬᠢᠯᠡᠵᠦ ᠰᠤᠷᠭᠠᠭᠤᠯᠢ᠎ᠶᠢ ᠵᠠᠰᠠᠬᠤ᠂ ᠬᠥᠮᠥᠨ᠎ᠢ ᠬᠥᠮᠥᠵᠢᠭᠦᠯᠬᠦ ᠦᠢᠯᠡᠳᠦᠯᠭᠡ᠎ᠶᠢᠨ ᠲᠤᠷᠰᠢᠯᠭ᠎ᠠ ᠪᠠᠨ ᠬᠤᠪᠢᠶᠠᠯᠴᠠᠵᠦ᠂ ᠬᠥᠬᠡᠬᠣᠲᠠ᠎ᠶᠢᠨ ᠰᠢᠨ᠎ᠡ ᠬᠤᠳᠠ ᠲᠣᠭᠣᠷᠢᠭ᠋᠎ᠤᠨ ᠰᠦ᠍ ᠬᠤ᠌ ᠵᠡᠭᠡᠯᠢ᠎ᠶᠢᠨ ᠲᠤᠷᠰᠢᠯᠲᠠ᠎ᠶᠢᠨ ᠪᠠᠭ᠎ᠠ ᠰᠤᠷᠭᠠᠭᠤᠯᠢ᠂ ᠲᠣᠭᠲᠠᠬᠤ ᠰᠢᠶᠠᠨ᠎ᠤ ᠦᠨᠳᠦᠰᠦᠲᠡᠨ᠎ᠦ ᠳᠤᠮᠳᠠᠳᠤ ᠰᠤᠷᠭᠠᠭᠤᠯᠢ᠎ᠶᠢᠨ ᠪᠠᠭ᠍ᠰᠢ᠎ᠶᠢᠨ ᠲᠥᠯᠥᠭᠡᠯᠡᠭᠴᠢ᠂ ᠨᠢᠭᠡᠳᠦᠭᠡᠷ ᠹᠷᠣᠨᠲ᠎ᠤᠨ ᠵᠢᠭᠠᠨ ᠰᠤᠷᠭᠠᠯᠲᠠ᠎ᠶᠢᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠪᠢᠴᠢᠭ ᠵᠢᠭᠠᠵᠤ ᠬᠥᠮᠥᠨ᠎ᠢ ᠬᠥᠮᠥᠵᠢᠭᠦᠯᠬᠦ ᠲᠤᠬᠠᠢ ᠣᠢᠯᠠᠭᠠᠯᠲᠠ ᠪᠠ ᠪᠠᠷᠢᠮᠲᠠᠯᠠᠯ᠎ᠢᠶᠠᠨ ᠶᠠᠷᠢᠵᠤ᠂ ᠥᠷᠭᠡᠨ ᠤᠯᠠᠨ ᠪᠠᠭ᠍ᠰᠢ᠎ᠶᠢᠨ ᠠᠵᠢᠯ᠎ᠤᠨ ᠪᠠᠢᠷᠢ᠎ᠪᠠᠨ ᠬᠠᠢᠷᠠᠯᠠᠵᠤ ᠦᠢᠯᠡᠰ᠎ᠢᠶᠡᠨ ᠳᠡᠭᠡᠳᠦᠯᠡᠬᠦ᠂ ᠨᠢᠭᠡ ᠰᠡᠳᠬᠢᠯ᠎ᠢᠶᠡᠷ ᠬᠥᠮᠥᠨ᠎ᠢ ᠬᠥᠮᠥᠵᠢᠭᠦᠯᠬᠦ ᠤᠶᠤᠨ ᠰᠠᠨᠠᠭᠠᠨ᠎ᠤ ᠳᠦᠷᠬᠦ ᠪᠠᠢᠳᠠᠯ᠎ᠢ ᠢᠯᠡᠷᠡᠭᠦᠯᠪᠡ᠃
ᠬᠤᠷᠠᠯ ᠳᠡᠭᠡᠷ᠎ᠡ ᠪᠠᠰᠠ ᠬᠥᠬᠡᠬᠣᠲᠠ᠎ᠶᠢᠨ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢᠴᠢ ᠶᠡᠷᠦᠩᠬᠡᠢ ᠡᠭᠦᠷᠭᠡ᠎ᠶᠢᠨ ᠪᠢᠴᠢᠭ᠎ᠲᠦ ᠲᠠᠢᠯᠤᠮᠵᠢ ᠬᠢᠵᠦ᠂ ᠰᠠᠭᠤᠷᠢ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠪᠣᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃