ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-22 10:33:32

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠠᠰᠫᠢᠷᠠᠨᠲ ᠡᠯᠰᠡᠬᠦ ᠰᠢᠯᠭᠠᠯᠲᠠ᠎ᠶᠢᠨ ᠠᠵᠢᠯ᠎ᠤᠨ ᠪᠣᠯᠪᠠᠰᠤᠷᠠᠯ᠎ᠤᠨ ᠬᠤᠷᠠᠯ ᠬᠤᠷᠠᠯᠳᠤᠭᠤᠯᠵᠤ᠂ᠣᠳᠣᠬᠠᠨ᠎ᠤ ᠰᠢᠯᠭᠠᠯᠲᠠ᠎ᠶᠢᠨ ᠪᠠᠢᠳᠠᠯ᠎ᠳᠤ ᠵᠠᠳᠠᠯᠤᠯᠲᠠ ᠬᠢᠵᠦ᠂ ᠠᠰᠫᠢᠷᠠᠨᠲ ᠡᠯᠰᠡᠬᠦ ᠬᠠᠮᠢᠶ᠎ᠠ ᠪᠦᠬᠦᠢ ᠠᠵᠢᠯ᠎ᠢ ᠪᠠᠢᠷᠢᠯᠠᠭᠤᠯᠪᠠ᠃

ᠬᠤᠷᠠᠯ ᠠ᠋ᠴᠨ᠂ ᠠᠰᠫᠢᠷᠠᠨᠲ ᠡᠯᠰᠡᠬᠦ ᠡᠯ᠎ᠠ ᠨᠢᠭᠡᠴᠢ ᠨᠤᠬᠦᠳ ᠤᠯᠤᠰ ᠲᠥᠷᠥ᠎ᠶᠢᠨ ᠵᠣᠭᠰᠣᠯᠲᠠ ᠪᠠ ᠦᠵᠡᠯ ᠰᠠᠨᠠᠭᠠᠨ᠎ᠤ ᠲᠠᠨᠢᠯᠲᠠ᠎ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ᠎ᠤ ᠠᠰᠫᠢᠷᠠᠨᠲ ᠡᠯᠰᠡᠬᠦ ᠰᠢᠯᠭᠠᠯᠲᠠ᠎ᠳᠤ ᠲᠤᠯᠭᠠᠷᠠᠵᠤ ᠪᠠᠢᠭ᠎ᠠ ᠰᠢᠨ᠎ᠡ ᠪᠠᠢᠳᠠᠯ ᠢ᠋ ᠣᠨᠣᠪᠴᠢᠲᠠᠶ ᠡᠵᠡᠮᠳᠡᠨ᠂ ᠵᠠᠩᠭᠢᠯᠠᠭ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ᠠᠰᠫᠢᠷᠠᠨᠲ ᠡᠯᠰᠡᠬᠦ ᠰᠢᠯᠭᠠᠯᠲᠠ᠎ᠶᠢᠨ ᠡᠯ᠎ᠡ ᠵᠠᠩᠭᠢᠯᠠᠭ᠎ᠠ᠎ᠶᠢᠨ ᠭᠣᠣᠯᠳᠠᠯᠭ᠎ᠠ᠎ᠲᠠᠢ ᠠᠵᠢᠯ ᠢ᠋ ᠪᠣᠳᠠᠲᠠᠢ᠎ᠪᠠᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠯᠤᠭ᠎ᠠ ᠰᠠᠨᠠᠭᠠᠴᠢᠯᠠᠭ᠎ᠠ᠎ᠡᠴᠡ᠎ᠪᠠᠨ ᠵᠤᠯᠭᠠᠯᠴᠠᠵᠤ᠂ ᠡᠷᠳᠡᠮ ᠰᠢᠨᠵᠢᠯᠡᠭᠡᠨ᠎ᠦ ᠡᠷᠳᠡᠮ᠎ᠦᠨ ᠴᠣᠯᠠ ᠪᠣᠯᠣᠨ ᠲᠤᠰᠬᠠᠢ ᠮᠡᠷᠭᠡᠵᠢᠯ᠎ᠦᠨ ᠡᠷᠳᠡᠮ᠎ᠦᠨ ᠴᠣᠯᠠ᠎ᠶᠢᠨ ᠪᠦᠲᠦᠴᠡ᠎ᠶᠢᠨ ᠲᠣᠬᠢᠷᠠᠭᠤᠯᠤᠯᠲᠠ᠎ᠶᠢᠨ ᠬᠠᠷᠢᠴᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠰᠫᠢᠷᠠᠨᠲ᠎ᠤᠨ ᠠᠵᠢᠯ ᠣᠯᠭᠣᠯᠲᠠ᠂ ᠬᠥᠮᠥᠨ ᠢ᠋ ᠬᠥᠮᠥᠵᠢᠭᠦᠯᠬᠦ᠎ᠶᠢ ᠵᠡᠷᠭᠡ ᠪᠡᠷ ᠠᠳᠬᠤᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠰᠠᠭᠤᠷᠢ᠎ᠶᠢ ᠪᠠᠲᠤᠳᠬᠠᠬᠤ ᠬᠡᠷᠡᠭᠲᠡᠢ ᠬᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面