ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-22 11:40:00

ᠵᠣᠬᠢᠶᠠᠭ᠍ᠴᠢ᠄ ​ ᠰᠠᠴᠤᠷᠠᠯ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠤᠢᠷ᠎ᠠ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ᠎ᠦᠨ ᠲᠢᠩᠬᠢᠮ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠠᠮᠤᠭ᠎ᠤᠨ ᠭᠣᠶᠣ᠌ ᠪᠠᠭ᠍ᠰᠢ》 ᠵᠢᠨ ᠨᠡᠷᠡᠰ᠎ᠢ ᠨᠡᠢᠲᠡᠯᠡᠵᠦ᠂ ᠪᠤᠭᠤᠲᠤ ᠬᠣᠲᠠ᠎ᠶᠢᠨ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠷᠠᠨ ᠸᠧᠢ᠂ ᠣᠷᠳᠣᠰ ᠬᠣᠲᠠ᠎ᠶᠢᠨ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠯᠢᠦ ᠴᠢᠶᠣᠤ ᠰᠢᠤ 《ᠬᠠᠮᠤᠭ᠎ᠤᠨ ᠭᠣᠶᠣ᠌ ᠪᠠᠭ᠍ᠰᠢ》 ᠪᠠᠷ ᠦᠨᠡᠯᠡᠭᠳᠡᠪᠡ᠃

ᠲᠠᠨᠢᠯᠴᠠᠭᠤᠯᠤᠬᠰᠠᠨ ᠵᠢᠡᠷ᠂ ᠷᠠᠨ ᠸᠧᠢ ᠥᠪᠡᠷ᠎ᠢᠶᠡᠨ ᠰᠣᠨᠣᠷ᠎ᠤᠨ ᠰᠠᠭᠠᠳ᠎ᠲᠠᠢ᠂ ᠤᠯᠠᠨ ᠵᠢᠯ᠎ᠤᠨ ᠲᠤᠷᠰᠢ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠵᠤ᠂ ᠣᠨᠴᠠᠭᠠᠢ ᠰᠤᠷᠭᠠᠨ ᠬᠥᠮᠦᠵᠢᠯ᠎ᠦᠨ ᠠᠵᠢᠯ᠎ᠤᠨ ᠪᠠᠢᠷᠢᠨ᠎ᠳ᠋ᠤ 29 ᠵᠢᠯ ᠵᠢᠳᠭᠦᠵᠦ ᠢᠷᠡᠵᠡᠢ᠃ ᠲᠡᠷᠡ ᠵᠢᠭᠠᠨ ᠰᠤᠷᠭᠠᠯᠲᠠ᠎ᠶᠢᠨ ᠬᠡᠪ ᠵᠠᠭᠪᠤᠷ᠎ᠤᠨ ᠰᠢᠨ᠎ᠡ᠎ᠶᠢ ᠡᠭᠦᠳᠴᠦ᠂ ᠣᠨᠴᠠᠯᠢᠭ᠍ᠲᠤ ᠬᠢᠴᠢᠶᠡᠯ᠎ᠢ ᠨᠡᠭᠡᠭᠡᠨ ᠬᠥᠭᠵᠢᠭᠦᠯᠵᠦ᠂ ᠰᠣᠨᠣᠷ᠎ᠤᠨ ᠰᠠᠭᠠᠳ᠎ᠲᠠᠢ ᠰᠤᠷᠤᠭ᠍ᠴᠢᠳ᠎ᠲᠤ ᠤᠷᠠᠨ ᠵᠢᠷᠤᠭ᠎ᠤᠨ ᠤᠷ᠎ᠠ ᠴᠢᠳᠠᠪᠤᠷᠢ᠎ᠶᠢ ᠵᠢᠭᠠᠵᠤ᠂ ᠣᠯᠠᠨ ᠰᠣᠷᠣᠭ᠍ᠴᠢ ᠨᠢ ᠶᠡᠬᠡ ᠳᠡᠭᠡᠳᠦ ᠰᠤᠷᠭᠠᠭᠤᠯᠢ᠎ᠳᠤ ᠰᠢᠯᠭᠠᠭᠤᠯᠤᠨ ᠡᠯᠰᠡᠭᠳᠡᠵᠦ᠂ ᠰᠤᠷᠤᠭ᠍ᠴᠢᠳ᠎ᠤᠨ ᠪᠦᠲᠦᠭᠡᠯ ᠨᠢ ᠴᠦ᠍ ᠡᠯ᠎ᠡ ᠱᠠᠲᠤᠨ᠎ᠤ ᠱᠠᠩᠨᠠᠯ᠎ᠢ ᠭᠥᠷᠳᠡᠪᠡ᠃ ᠲᠡᠷᠡ ᠥᠪᠡᠷ᠎ᠦᠨ ᠥᠩᠭᠡᠷᠡᠯᠲᠡ᠎ᠪᠡᠷ᠎ᠢᠶᠡᠨ ᠰᠤᠷᠤᠭᠴᠢᠳ᠎ᠤᠨ ᠢᠲᠡᠭᠡᠯ ᠵᠣᠷᠢᠭ᠋᠎ᠢ ᠬᠥᠪᠴᠢᠯᠡᠵᠦ᠂ ᠬᠦᠴᠢᠷᠳᠡᠯ᠎ᠳᠦ ᠲᠤᠯᠭᠠᠷᠠᠭᠰᠠᠨ ᠰᠤᠷᠤᠭ᠍ᠴᠢᠳ᠎ᠢ ᠦᠨᠡᠨ ᠰᠡᠳᠬᠢᠯ᠎ᠡᠴᠡ᠎ᠪᠡᠨ ᠬᠠᠪᠰᠤᠷᠤᠨ ᠲᠡᠳᠬᠦᠵᠦ᠂ ᠭᠤᠸ᠎ᠠ ᠰᠠᠢᠬᠠᠨ᠎ᠤ ᠬᠥᠮᠦᠵᠢᠯ᠎ᠢᠶᠡᠷ ᠣᠨᠴᠠᠭᠠᠶ ᠬᠡᠦᠬᠡᠳ᠎ᠦᠨ ᠠᠮᠢᠳᠤᠷᠠᠯ᠎ᠤᠨ ᠵᠠᠮ᠎ᠢ ᠭᠡᠢᠭᠦᠯᠪᠡ᠃ᠯᠢᠦ ᠴᠢᠶᠣᠤ ᠰᠢᠤ ᠣᠨᠴᠠᠭᠠᠶ ᠰᠤᠷᠭᠠᠨ ᠬᠥᠮᠦᠵᠢᠯ᠎ᠦᠨ ᠨᠢᠭᠡᠳᠦᠭᠡᠷ ᠹᠷᠣᠨᠲ᠎ᠲᠤ 32 ᠵᠢᠯ ᠮᠡᠷᠡᠢᠨ ᠴᠢᠷᠮᠠᠢᠵᠦ᠂ ᠰᠣᠨᠣᠷ᠎ᠤᠨ ᠰᠠᠭᠠᠳ ᠲᠠᠢ᠂ ᠣᠶᠤᠨ᠎ᠤ ᠰᠠᠭᠠᠳ ᠲᠠᠢ᠂ᠲᠠᠷᠢᠬᠢᠨ᠎ᠤ ᠰᠠ ᠡᠪᠡᠳᠴᠢᠨ ᠲᠠᠢ᠂ᠵᠣᠵᠢᠭ᠋ ᠡᠪᠡᠳᠴᠢᠨ᠎ᠲᠠᠢ ᠰᠣᠷᠣᠭ᠍ᠴᠢᠳ᠎ᠢ ᠨᠠᠷᠢᠨ ᠨᠢᠮᠪᠠᠢ ᠬᠠᠷᠠᠭᠠᠯᠵᠠᠪᠠ᠃ ᠲᠡᠷᠡ ᠵᠢᠭᠠᠬᠤ ᠠᠷᠭ᠎ᠠ᠎ᠶᠢᠨ ᠰᠢᠨ᠎ᠡ᠎ᠶᠢ ᠡᠭᠦᠳᠴᠦ᠂ ᠵᠢᠭᠠᠬᠤ ᠠᠷᠭ᠎ᠠ᠎ᠶᠢ ᠪᠡᠶᠡᠴᠢᠯᠡᠨ ᠣᠢᠯᠠᠭᠠᠵᠤ ᠭᠦᠨᠵᠡᠭᠡᠢ ᠰᠤᠳᠤᠯᠵᠤ᠂ ᠵᠢᠭᠠᠨ ᠰᠤᠷᠭᠠᠯᠲᠠ᠎ᠶᠢᠨ ᠪᠠᠭᠠᠵᠢ ᠬᠡᠷᠡᠭᠰᠡᠯ᠎ᠢ ᠦᠪᠡᠰᠦᠪᠡᠨ ᠵᠣᠬᠢᠶᠠᠨ ᠦᠢᠯᠡᠳᠴᠤ᠂ ᠵᠢᠭᠠᠨ ᠰᠤᠷᠭᠠᠯᠲᠠ᠎ᠶᠢᠨ ᠲᠤᠷᠰᠢᠯᠭ᠎ᠠ᠎ᠪᠠᠨ ᠳ᠋ᠦᠩᠨᠡᠬᠦ᠎ᠶᠢ ᠪᠠᠷᠢᠮᠲᠠᠯᠠᠪᠠ᠃ᠲᠡᠷᠡ ᠰᠤᠷᠤᠭ᠍ᠴᠢᠳ᠎ᠲᠤ ᠥᠪᠡᠷᠮᠢᠴᠡ ᠣᠨᠴᠠᠯᠢᠭ᠋᠎ᠲᠠᠢ ᠦᠰᠦᠨ ᠪᠣᠶ᠋ᠢᠵᠢᠯᠲᠠ᠎ᠶᠢᠨ ᠲᠠᠩᠰᠠ ᠡᠪᠬᠡᠮᠡᠯ ᠪᠠᠢᠭᠤᠯᠤᠨ ᠥᠭᠴᠦ᠂ ᠠᠮᠢᠳᠤᠷᠠᠯ᠎ᠤᠨ ᠲᠠᠯ᠎ᠠ᠎ᠪᠠᠷ ᠶᠠᠳᠠᠭᠤ ᠬᠦᠴᠢᠷᠳᠡᠯᠲᠡᠢ ᠰᠤᠷᠤᠭ᠍ᠴᠢᠳ᠎ᠢ ᠨᠠᠷᠢᠨ ᠨᠢᠮᠪᠠᠢ ᠬᠠᠷᠠᠭᠠᠯᠵᠠᠨ ᠲᠤᠰᠠᠯᠠᠵᠤ᠂ ᠮᠠᠰᠢ ᠣᠯᠠᠨ ᠰᠤᠷᠤᠭ᠍ᠴᠢᠳ᠎ᠤᠨ ᠰᠤᠷᠭᠠᠭᠤᠯᠢ ᠳᠠᠪᠰᠢᠵᠤ ᠠᠵᠢᠯ ᠣᠯᠬᠤ᠎ᠳᠤᠨᠢ ᠬᠦᠴᠦᠨ ᠨᠡᠮᠡᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面