2026-09-24 17:21:05
9 ᠰᠠᠷ᠎ᠠ᠎ᠶ᠋ᠢᠨ 11᠎ᠤ᠋ ᠡᠳᠦᠷ᠂ ᠬᠥᠬᠡᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ᠎ᠠᠴᠠ ᠭᠤᠤᠯᠯᠠᠨ ᠡᠷᠭᠢᠯᠡᠭᠰᠡᠨ《 ᠰᠤᠷᠭᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠬᠦᠬᠡᠬᠤᠳᠠ ᠵᠢᠨ ᠬᠤᠷᠢᠨᠭᠡᠷ ᠰᠢᠶᠠᠨ ᠤ ᠰᠢᠤᠸᠠᠢ ᠹᠦ᠋ ᠨᠡᠶ᠋ᠢᠭᠡᠮ ᠲᠣᠭᠤᠷᠢᠭ᠎ᠲᠤ᠌ ᠶᠠᠪᠤᠬᠳᠠᠪᠠ᠃ ᠬᠦᠬᠡᠬᠤᠲᠠ᠎ᠶ᠋ᠢᠨ ᠡᠮᠡᠭᠲᠡᠶ᠋ᠢᠴᠦᠳ ᠤᠨ ᠬᠤᠯᠪᠤᠭ᠎ᠠ ᠵᠢᠨ ᠨᠠᠮ ᠤᠨ ᠤᠳᠤᠷᠢᠳᠭᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ ᠱᠤ᠌ ᠵᠢᠶᠦ᠋ᠨ《ᠬᠡᠷ ᠪᠦᠯᠢ᠎ᠪᠠᠨ ᠰᠠᠶ᠋ᠢᠲᠤᠷ ᠪᠥᠲᠦᠭᠡᠨ ᠪᠠᠶ᠋ᠢᠭᠤᠯᠵᠤ ᠬᠡᠷ ᠤᠨ ᠰᠤᠷᠭᠠᠯ ᠢᠶᠠᠨ ᠰᠠᠶ᠋ᠢᠲᠤᠷ ᠬᠠᠳᠠᠭᠠᠯᠠᠵᠤ ᠬᠡᠷ᠎ᠤᠨ ᠰᠤᠷᠲᠠᠯ᠎ᠢᠶᠠᠨ ᠰᠠᠶ᠋ᠢᠲᠤᠷ ᠤᠯᠠᠮᠵᠢᠯᠠᠨ ᠵᠠᠯᠭᠠᠮᠵᠢᠯᠠᠶ᠎ᠠ — ᠬᠡᠦᠬᠡᠳ ᠲᠠᠢ ᠬᠠᠮᠲᠤ᠌ ᠦᠰᠦᠨ ᠪᠤᠢᠵᠢᠵᠦ ᠰᠢᠨ᠎ᠡ ᠴᠠᠭ ᠦᠶ᠎ᠡ ᠶ᠋ᠢᠨ ᠰᠠᠶ᠋ᠢᠨ ᠡᠴᠢᠭᠡ ᠡᠬᠡ ᠪᠣᠯᠤᠶᠡ》 ᠭᠡᠬᠦ᠌ ᠰᠡᠳᠦᠪ᠎ᠢᠶᠠᠷ ᠬᠢᠴᠢᠶᠡᠯ ᠣᠷᠤᠵᠠᠢ᠃
《ᠥᠩᠭᠡᠷᠡᠭᠡᠭᠰᠡᠨ᠎ᠳᠤ ᠬᠡᠦᠬᠡᠳ ᠬᠦᠮᠦᠵᠢᠭᠦᠯᠬᠦ ᠨᠢ〈ᠲᠡᠭᠦᠨ᠎ᠢ ᠬᠠᠮᠢᠶᠠᠷᠬᠤ〉 ᠳ᠋ᠦ ᠪᠤᠢ ᠭᠡᠵᠦ᠍ ᠪᠣᠳᠤᠳᠠᠭ᠂ ᠥᠨᠦᠳᠦᠷ ᠰᠠᠶᠢ ᠭᠡᠷ᠎ᠤᠨ ᠠᠬᠠᠮᠠᠳ ᠪᠠᠰᠠ ᠰᠤᠷᠤᠯᠴᠠᠵᠤ᠂ ᠥᠰᠦᠨ ᠪᠤᠢᠵᠢᠬᠤ ᠴᠢᠬᠤᠯᠠ ᠲᠠᠢ ᠬᠡᠳᠡᠭ᠎ᠢ ᠮᠡᠳᠡᠯ᠎ᠡ》ᠭᠡᠵᠤ ᠨᠢᠭᠡᠨ ᠭᠡᠷ᠎ᠤᠨ ᠠᠬᠠᠮᠠᠳ ᠬᠡᠯᠵᠦ ᠪᠠᠢᠪᠠ᠃ ᠲᠠᠶ᠋ᠢᠯᠤᠮᠵᠢ᠎ᠳᠤ᠂ ᠯᠢ ᠱᠤ᠌ ᠵᠢᠶᠦ᠋ᠨ《ᠬᠡᠷ ᠪᠦᠯᠢ᠎ᠶ᠋ᠢ ᠰᠠᠶ᠋ᠢᠲᠤᠷ ᠪᠥᠲᠦᠭᠡᠨ ᠪᠠᠶ᠋ᠢᠭᠤᠯᠬᠤ᠂ ᠬᠡᠷ ᠤᠨ ᠰᠤᠷᠭᠠᠯ ᠢ ᠰᠠᠶ᠋ᠢᠲᠤᠷ ᠬᠠᠳᠠᠭᠠᠯᠠᠬᠤ᠂ ᠬᠡᠷ᠎ᠤᠨ ᠰᠤᠷᠲᠠᠯ᠎ᠢ ᠰᠠᠶ᠋ᠢᠲᠤᠷ ᠤᠯᠠᠮᠵᠢᠯᠠᠬᠤ》 ᠭᠤᠷᠪᠠᠨ ᠲᠠᠯ᠎ᠠ᠎ᠶ᠋ᠢᠨ ᠲᠣᠭᠤᠷᠢᠨ᠎ᠳᠤ ᠲᠠᠢᠯᠤᠮᠵᠢ ᠬᠢᠵᠦ᠂ ᠵᠠᠯᠠᠭᠤᠴᠤᠳ ᠪᠠᠭᠠᠴᠤᠳ᠎ᠤᠨ ᠶᠣᠰᠤ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶ᠋ᠢᠬᠠᠨ ᠬᠥᠳᠡᠯᠮᠦᠷᠢ ᠪᠥᠬᠦ᠌ ᠲᠠᠯ᠎ᠠ᠎ᠪᠠᠷ ᠬᠥᠭᠵᠢᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠡᠷ᠎ᠤᠨ ᠠᠬᠠᠮᠠᠳ᠎ᠢ ᠬᠥᠲᠦᠯᠦᠨ ᠵᠢᠯᠤᠭᠤᠳᠴᠤ᠌ ᠪᠠᠶ᠋ᠢᠭᠠᠳ ᠰᠢᠨᠵᠢᠯᠡᠬᠦ᠌ ᠤᠬᠠᠭᠠᠨᠴᠢ᠎ᠪᠠᠷ ᠬᠡᠤᠬᠡᠳ ᠬᠥᠮᠦᠵᠢᠭᠦᠯᠬᠦ᠌ ᠣᠶ᠋ᠢᠯᠠᠭᠠᠭᠳᠠᠬᠤᠨ᠎ᠢ ᠪᠣᠢ ᠪᠣᠯᠭᠠᠪᠠ᠃
ᠯᠢ ᠱᠤ᠌ ᠵᠢᠶᠦ᠋ᠨ ᠭᠡᠷ᠎ᠤᠨ ᠠᠬᠠᠮᠠᠳ᠎ᠢ 《ᠰᠡᠬᠡᠭᠡᠷᠡᠭᠰᠡᠨ ᠬᠡᠯᠪᠡᠷᠢ᠎ᠶ᠋ᠢᠨ ᠠᠪᠤ ᠡᠵᠢ》ᠪᠣᠯᠬᠤ᠎ᠪᠠᠷ ᠴᠢᠷᠮᠠᠶ᠋ᠢᠬᠤ᠎ᠶ᠋ᠢ ᠭᠤᠤᠯᠳᠠᠯᠭ᠎ᠠ᠎ᠲᠠᠢ ᠰᠠᠨᠠᠭᠠᠴᠢᠯᠠᠪᠠ᠄ ᠴᠠᠭ ᠢᠮᠠᠭᠲᠠ ᠥᠪᠡᠷ᠎ᠢ᠎ᠪᠠᠨ ᠲᠤᠩᠭᠠᠵᠤ ᠥᠪᠡᠷ᠎ᠢ᠎ᠪᠠᠨ ᠱᠠᠭᠠᠷᠳᠠᠵᠤ᠂ ᠰᠠᠨᠠᠭᠠᠴᠢᠯᠠᠭ᠎ᠠ᠎ᠠᠴᠠ᠎ᠪᠠᠨ ᠰᠤᠷᠤᠯᠴᠠᠨ ᠦᠪᠡᠷ᠎ᠢ ᠪᠠᠨ ᠳᠡᠭᠡᠭᠰᠢᠯᠡᠭᠦᠯᠵᠦ᠍᠂《ᠵᠠᠪᠠᠯ ᠮᠢᠨᠦ ᠬᠡᠯᠡᠭᠰᠡᠨ ᠵᠢᠡᠷ ᠬᠢᠬᠦ ᠬᠡᠷᠡᠭᠲᠡᠢ》 ᠬᠡᠳᠡᠭ ᠬᠥᠮᠦᠵᠢᠯ᠎ᠤᠨ ᠰᠡᠳᠬᠢᠬᠦᠢ ᠪᠡᠨ ᠲᠠᠶᠠᠭᠳᠠᠵᠤ᠂ ᠬᠡᠦᠬᠡᠳ᠎ᠲᠠᠢ ᠬᠠᠮᠲᠤ᠎ᠪᠠᠷ ᠦᠰᠦᠨ ᠪᠤᠶ᠋ᠢᠵᠢᠵᠤ᠂ ᠬᠤᠤᠰ ᠴᠢᠭᠯᠡᠯ᠎ᠢᠶᠠᠷ ᠲᠠᠪᠰᠢᠬᠤ ᠵᠢ ᠴᠢᠬᠤᠯᠠᠴᠢᠯᠠᠪᠠ᠃ 《ᠳᠠᠰᠭᠠᠯ ᠬᠢᠬᠦ ᠶ᠋ᠢ ᠬᠣᠢᠰᠢᠯᠠᠭᠤᠯᠬᠤ》᠂ 《ᠭᠠᠷ ᠤᠲᠠᠰᠤ ᠬᠡᠷᠡᠭᠡᠯᠡᠭᠦᠯᠬᠦ ᠡᠰᠡᠬᠦ᠌》᠂《ᠥᠰᠪᠦᠷᠢ ᠦᠶ᠎ᠡ᠎ᠳᠦ ᠨᠡᠪᠲᠡᠷᠡᠯᠴᠡᠬᠦ᠌ ᠳᠤᠷ᠎ᠠ᠎ᠦᠭᠡᠢ》 ᠵᠡᠷᠭᠡ ᠥᠨᠳᠦᠷ ᠳᠠᠪᠲᠠᠮᠵᠢᠲᠤ᠌ ᠬᠡᠦᠬᠡᠳ ᠬᠥᠮᠦᠵᠢᠭᠦᠯᠬᠦ᠌ ᠬᠦᠴᠢᠷ ᠠᠰᠠᠭᠤᠳᠠᠯ᠎ᠤᠨ ᠲᠣᠭᠤᠷᠢᠨ᠎ᠳᠤ᠂ ᠲᠡᠷᠡ ᠦᠨᠡᠨ ᠪᠣᠳᠠᠲᠠᠢ ᠬᠡᠷᠡᠭ᠎ᠦᠨ ᠵᠢᠱ᠌ᠢᠶᠡᠲᠡᠢ ᠤᠶᠠᠯᠳᠤᠭᠤᠯᠤᠨ ᠰᠢᠯᠲᠠᠭᠠᠨ᠎ᠢ ᠵᠠᠳᠠᠯᠵᠤ᠂ ᠬᠡᠦᠬᠡᠳᠲᠡᠢ ᠬᠠᠮᠲᠤ᠎ᠪᠠᠷ ᠠᠵᠢᠯᠯᠠᠵᠤ ᠠᠮᠠᠷᠠᠬᠤ ᠳᠦᠷᠢᠮ ᠲᠤᠬᠳᠠᠭᠠᠵᠤ᠂ ᠬᠡᠦᠬᠡᠳ᠎ᠦᠨ ᠨᠠᠵᠠᠭᠠᠢ ᠲᠠᠯ᠎ᠠ᠎ᠶ᠋ᠢᠨ ᠰᠡᠳᠭᠢᠯᠭᠡ᠎ᠶ᠋ᠢ ᠬᠦᠯᠢᠶᠡᠨ ᠠᠪᠬᠤ᠂ ᠭᠠᠷ ᠤᠲᠠᠰᠤ ᠨᠠᠭᠠᠳᠬᠤ ᠵᠡᠷᠭᠡ ᠠᠷᠭ᠎ᠠ ᠠᠪᠴᠠᠯ᠎ᠢ ᠪᠦᠲᠦᠮᠵᠢᠲᠡᠢ ᠲᠠᠢᠯᠪᠤᠷᠢᠯᠠᠪᠠ᠃ ᠡᠭᠦᠨ᠎ᠤ ᠬᠠᠮᠲᠤ᠌《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷ᠎ᠤᠨ ᠬᠥᠮᠦᠵᠢᠯ᠎ᠢ ᠠᠬᠢᠭᠤᠯᠬᠤ ᠬᠠᠤᠯᠢ》 ᠲᠠᠢ ᠬᠠᠷᠢᠴᠠᠭᠤᠯᠤᠨ᠂ ᠰᠢᠨ᠎ᠡ ᠴᠠᠭ ᠦᠶ᠎ᠡ᠎ᠶ᠋ᠢᠨ ᠬᠢᠷᠢ ᠲᠡᠩᠴᠡᠭᠰᠡᠨ ᠬᠡᠷ᠎ᠤᠨ ᠠᠬᠠᠮᠠᠳ᠎ᠤᠨ ᠦᠨᠡᠯᠡᠯᠲᠡ᠎ᠶ᠋ᠢᠨ ᠪᠠᠷᠢᠮᠵᠢᠶ᠎ᠠ᠎ᠶ᠋ᠢ ᠲᠠᠶ᠋ᠢᠯᠪᠤᠷᠢᠯᠠᠵᠤ᠂ 《ᠬᠠᠤᠯᠢ ᠶᠣᠰᠤᠭᠠᠷ ᠬᠡᠦᠬᠡᠳ᠎ᠢᠶᠠᠨ ᠳᠠᠭᠠᠭᠤᠯᠬᠤ》᠂ 《ᠰᠢᠨᠵᠢᠯᠡᠬᠦ᠌ ᠤᠬᠠᠭᠠᠨᠴᠢ᠎ᠪᠠᠷ ᠬᠡᠦᠬᠡᠳ᠎ᠢᠶᠠᠨ ᠳᠠᠭᠠᠭᠤᠯᠬᠤ》 ᠶ᠋ᠢ ᠰᠠᠨᠠᠭᠠᠴᠢᠯᠠᠨ᠂ ᠴᠢᠨᠠᠷ ᠰᠠᠶ᠋ᠢᠲᠠᠢ ᠬᠠᠨᠢ ᠪᠣᠯᠬᠤ᠎ᠪᠠᠷ 《ᠠᠯᠪᠠ ᠬᠠᠰᠢᠵᠤ ᠬᠠᠨᠢ ᠪᠤᠯᠬᠤ》 ᠶ᠋ᠢ ᠣᠷᠤᠯᠠᠭᠤᠯᠵᠤ᠂ ᠡᠷᠬᠡ ᠲᠡᠭᠰᠢ ᠨᠡᠪᠲᠡᠷᠡᠯᠴᠡᠭᠡ᠎ᠪᠠᠷ ᠲᠥᠬᠦᠮ ᠲᠦᠳᠡ ᠰᠤᠷᠭᠠᠬᠤ ᠵᠢ ᠣᠷᠤᠯᠠᠭᠤᠯᠬᠤ ᠵᠢ ᠰᠠᠨᠠᠭᠠᠴᠢᠯᠠᠪᠠ᠃ ᠲᠡᠷᠡ ᠪᠠᠰᠠ ᠭᠡᠷ᠎ᠤᠨ ᠬᠥᠮᠦᠵᠢᠯ ᠪᠣᠯ ᠵᠦᠪᠬᠡᠨ ᠡᠭᠡ ᠬᠦᠮᠦᠨ᠎ᠤ ᠬᠠᠷᠢᠭᠤᠴᠠᠯᠭ᠎ᠠ ᠪᠢᠰᠢ᠂ ᠡᠴᠢᠭᠡ᠎ᠨᠢ ᠬᠡᠦᠬᠡᠳ ᠬᠥᠮᠦᠵᠢᠭᠦᠯᠬᠦ᠌ ᠬᠠᠮᠲᠤ᠌ ᠠᠵᠢᠯᠯᠠᠭᠴᠢ ᠪᠣᠯᠬᠤ ᠶᠣᠰᠤᠲᠠᠢ ᠭᠡᠳᠡᠭ᠎ᠢ ᠣᠨᠴᠠᠭᠠᠢᠯᠠᠨ ᠴᠢᠬᠤᠯᠠᠴᠢᠯᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃