2026-09-28 15:52:38
ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ《ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠡᠭᠦᠳᠡᠨ ᠳ᠋ᠤᠨᠢ ᠬᠦᠷᠴᠦ 〈ᠠᠷᠪᠠ᠎ᠶᠢ ᠦᠵᠡᠬᠦ〉 ᠠᠮᠤᠷ ᠲᠦᠪᠰᠢᠨ᠎ᠦ ᠪᠠᠢᠴᠠᠭᠠᠯᠲᠠᠦᠷᠨᠢᠬᠦᠯᠬᠦ》 ᠪᠡᠷ ᠲᠣᠭᠲᠠᠵᠤ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠪᠠᠢᠴᠠᠭᠠᠯᠲᠠ᠎ᠵᠢ ᠤᠯᠠᠮ ᠴᠢᠨᠠᠭᠰᠢᠳᠠ ᠵᠢᠷᠤᠮᠵᠢᠭᠤᠯᠤᠨ ᠴᠢᠩᠭᠠᠳᠬᠠᠪᠠ᠃
ᠣᠢᠯᠠᠭᠠᠭᠰᠠᠨ᠎ᠢᠶᠠᠷ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠡᠬᠦᠳᠡᠨ ᠳ᠋ᠤᠨᠢ ᠬᠦᠷᠴᠦ 《ᠠᠷᠪᠠ᠎ᠶᠢ ᠦᠵᠡᠬᠦ》 ᠠᠮᠤᠷ ᠲᠦᠪᠰᠢᠨ᠎ᠤ ᠪᠠᠢᠴᠠᠭᠠᠯᠳᠠ ᠵᠢᠨ ᠠᠵᠢᠯ᠎ᠨᠢ ᠭᠡᠷᠡᠴᠢ ᠦᠨᠡᠮᠯᠡᠯ᠎ᠦᠨ ᠬᠢᠷᠢ ᠬᠡᠮ ᠨᠢ ᠪᠦᠷᠢᠨ ᠭᠦᠢᠴᠡᠳ ᠪᠥᠭᠡᠳ ᠲᠣᠭᠲᠠᠭᠠᠯ᠎ᠳᠤ ᠨᠡᠢᠴᠡᠬᠦ ᠡᠰᠡᠬᠦ᠂ ᠠᠮᠤᠷ ᠲᠦᠪᠰᠢᠨ᠎ᠦ ᠠᠮᠠᠯᠠᠯᠲᠠ᠎ᠪᠠᠨ ᠢᠯᠡ ᠨᠡᠢᠲᠡᠯᠡᠭᠰᠡᠨ ᠡᠰᠡᠬᠦ᠂ ᠠᠶᠤᠯ ᠡᠴᠡ ᠵᠢᠭᠤᠳᠠᠨ ᠲᠤᠳᠠᠭᠠᠬᠤ ᠵᠢᠷᠤᠭ᠎ᠢ ᠵᠢᠷᠤᠮᠵᠢᠯ᠎ᠲᠠᠢ ᠨᠠᠭᠠᠭᠰᠠᠨ ᠡᠰᠡᠬᠦ᠂ ᠭᠠᠯ ᠤᠨᠲᠠᠷᠠᠭᠠᠬᠤ ᠰᠠᠭᠤᠷᠢ ᠲᠥᠬᠦᠭᠡᠷᠦᠮᠵᠢ᠎ᠶᠢᠨ ᠪᠦᠷᠢᠨ ᠲᠡᠭᠦᠯᠳᠡᠷ ᠡᠰᠡᠬᠦ᠂ ᠭᠠᠯ ᠤᠨᠲᠠᠷᠠᠭᠠᠬᠤ ᠠᠦ᠋ᠲ᠋ᠣ᠋ ᠰᠢᠰᠲᠧᠮ᠎ᠦᠨ ᠬᠡᠪ᠎ᠦᠨ ᠶᠣᠰᠣᠭᠠᠷ ᠠᠵᠢᠯᠯᠠᠵᠤ ᠪᠠᠢᠬᠤ ᠡᠰᠡᠬᠦ᠂ ᠪᠠᠴᠢᠮ ᠪᠠᠢᠳᠠᠯ᠎ᠢ ᠠᠷᠭᠠᠴᠠᠭᠠᠬᠤ ᠭᠡᠷᠡᠯᠲᠦᠭᠦᠯᠭᠡ ᠵᠢᠨ ᠲᠥᠬᠦᠭᠡᠷᠦᠮᠵᠢ ᠪᠦᠷᠢᠨ ᠪᠥᠭᠡᠳ ᠵᠢᠷᠤᠮᠵᠢᠯ᠎ᠲᠠᠢ ᠪᠠᠢᠬᠤ ᠡᠰᠡᠬᠦ᠂ ᠭᠠᠯ ᠢ᠋ ᠰᠡᠷᠬᠡᠢᠯᠡᠬᠦ ᠪᠠ ᠠᠶᠤᠯ ᠡᠴᠡ ᠵᠠᠢᠯᠠᠬᠤ ᠵᠠᠮ ᠱᠤᠭᠤᠮ᠎ᠤᠨ ᠲᠣᠭᠲᠠᠭᠠᠯ᠎ᠳᠤ ᠨᠡᠢᠴᠡᠬᠦ ᠡᠰᠡᠬᠦ᠂ ᠭᠠᠯ ᠬᠡᠷᠡᠭᠯᠡᠬᠦ ᠪᠠ ᠴᠠᠬᠢᠯᠭᠠᠨ ᠬᠡᠷᠡᠭᠯᠡᠬᠦ ᠨᠢ ᠵᠢᠷᠤᠮᠵᠢᠯ᠎ᠲᠠᠢ ᠪᠥᠭᠡᠳ ᠠᠮᠤᠷ ᠲᠦᠪᠰᠢᠨ ᠪᠠᠢᠬᠤ ᠡᠰᠡᠬᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠦ ᠲᠣᠭᠣᠷᠢᠨ ᠪᠠᠢᠴᠠᠭᠠᠯᠲᠠ᠎ᠶᠢ ᠬᠡᠪ᠎ᠦᠨ ᠪᠠᠢᠳᠠᠯ᠎ᠢᠶᠠᠷ ᠨᠠᠢᠳᠠᠪᠤᠷᠢᠵᠢᠭᠤᠯᠤᠭᠰᠠᠨ ᠡᠰᠡᠬᠦ᠂ ᠭᠠᠯ ᠰᠡᠷᠬᠡᠢᠯᠡᠵᠦ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠪᠠ ᠪᠡᠯᠡᠳᠬᠡᠯ ᠲᠥᠰᠥᠯ᠎ᠦᠨ ᠰᠣᠷᠢᠯᠲᠠ᠎ᠶᠢ ᠪᠣᠳᠠᠲᠠᠢᠵᠢᠭᠤᠯᠤᠭᠰᠠᠨ ᠡᠰᠡᠬᠦ᠎ᠶᠢ ᠦᠵᠡᠨ᠎ᠡ᠃
ᠤᠢᠷ᠎ᠠ ᠵᠢᠨ ᠬᠤᠭᠤᠴᠠᠭᠠᠨ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ᠎ᠲᠠᠢ ᠬᠠᠮᠲᠤᠷᠠᠨ ᠪᠥᠬᠥ ᠣᠷᠣᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠶᠤᠯᠭᠦᠢ ᠦᠢᠯᠡᠳᠪᠦᠷᠢᠯᠡᠯ᠎ᠦᠨ ᠪᠠᠢᠴᠠᠭᠠᠯᠲᠠ᠎ᠶᠢ ᠦᠷᠭᠦᠯᠵᠢᠯᠡᠨ ᠥᠷᠨᠢᠭᠦᠯᠵᠦ᠂ 《ᠬᠣᠶᠠᠷ᠎ᠢ ᠬᠦᠩᠬᠡᠷᠡᠬᠦᠯᠬᠦ》 ᠲᠥᠷᠥ᠎ᠶᠢᠨ ᠪᠣᠳᠣᠯᠭ᠎ᠠ᠎ᠶᠢ ᠤᠯᠠᠮ ᠴᠢᠨᠠᠭᠰᠢᠳᠠ ᠭᠦᠨᠵᠡᠭᠡᠢ ᠲᠤᠭᠤᠰᠢᠯᠠᠭᠤᠯᠤᠨ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠠᠮᠤᠷ ᠲᠦᠪᠰᠢᠨ᠎ᠦ ᠪᠠᠢᠴᠠᠭᠠᠯᠲᠠ᠎ᠶᠢᠨ ᠦᠷ᠎ᠡ ᠪᠦᠲᠦᠮᠵᠢ ᠵᠢ ᠢᠯᠡᠳᠳᠡ ᠳᠡᠬᠡᠭᠰᠢᠯᠡᠬᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃