ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-08 09:38:53

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠥᠪᠥᠷ ᠮᠣᠩᠭᠣᠯ 2026 ᠣᠨ ᠎ᠤ ᠠᠩᠬᠠᠨ᠎ᠤ ᠪᠦᠯᠦᠭ᠎ᠤᠨ ᠰᠤᠷᠤᠯᠭ᠎ᠠ ᠳᠡᠳᠬᠦᠬᠦ ᠢᠲᠡᠭᠡᠮᠵᠢᠲᠦ ᠵᠢᠭᠡᠯᠡᠯᠭᠡ ᠲᠠᠯᠪᠢᠬᠤ ᠠᠵᠢᠯ᠎ᠢ ᠤᠷᠤᠭᠰᠢᠲᠠᠢ ᠪᠡᠶᠡᠯᠡᠭᠦᠯᠵᠦ᠂ ᠨᠡᠶ᠋ᠢᠲᠡ 2.49 ᠳ᠋ᠦᠩᠰᠢᠭᠤᠷ ᠲᠥᠭᠥᠷᠢᠭ ᠲᠠᠷᠬᠠᠭᠠᠨ᠂ ᠭᠡᠷ᠎ᠦᠨ ᠠᠮᠢᠳᠤᠷᠠᠯ ᠨᠢ ᠬᠦᠴᠢᠷᠳᠡᠯᠲᠡᠢ 1.52 ᠲᠦᠮᠡᠨ ᠰᠣᠷᠣᠭ᠍ᠴᠢ ᠤᠳᠠᠭ᠎ᠠ ᠳ᠋ᠤ ᠠᠰᠢᠭ᠋ ᠬᠦᠷᠲᠡᠭᠡᠵᠡᠢ᠃

ᠡᠨᠡ ᠵᠢᠯ ᠪᠣᠯ ᠪᠥᠬᠥ ᠤᠯᠤᠰ᠎ᠤᠨ ᠰᠣᠷᠣᠭ᠍ᠴᠢ᠎ᠶᠢᠨ ᠡᠷᠦᠬᠡ ᠠᠮᠠ ᠵᠢᠨ ᠳᠠᠩᠰᠠ ᠪᠠᠢᠭ᠎ᠠ ᠭᠠᠵᠠᠷ᠎ᠤᠨ ᠰᠤᠷᠤᠯᠭ᠎ᠠ ᠳᠡᠳᠬᠦᠬᠦ ᠢᠳᠡᠬᠡᠮᠵᠢᠳᠤ ᠵᠢᠭᠡᠯᠡᠯᠭᠡ᠎ᠲᠠᠯᠪᠢᠬᠤ ᠠᠵᠢᠯ᠎ᠢ ᠥᠷᠨᠢᠭᠦᠯᠦᠭᠰᠡᠨ 20 ᠵᠢᠯ᠎ᠤ᠋ᠨ ᠤᠢ ᠪᠤᠯᠤᠨ᠎ᠠ᠃ ᠠᠷᠠᠳ᠎ᠤᠨ ᠠᠮᠢᠳᠤᠷᠠᠯ ᠎ᠢ ᠦᠨᠡᠨ ᠬᠦ᠌ ᠪᠠᠲᠤᠯᠠᠬᠤ᠎ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠠ᠋ᠴᠠ ᠰᠤᠷᠤᠯᠭ᠎ᠠ ᠳᠡᠳᠬᠦᠬᠦ ᠵᠢᠭᠡᠯᠡᠯᠭᠡ ᠎ᠶᠢᠨ ᠦᠢᠯᠡᠴᠢᠯᠡᠭᠡᠨ᠎ᠦ ᠲᠣᠭᠲᠠᠴᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠴᠠᠭ᠎ᠢ ᠤᠷᠢᠳᠴᠢᠯᠠᠬᠤ᠂ ᠲᠠᠷᠬᠠᠭᠠᠬᠤ ᠴᠠᠭ᠎ᠢ ᠤᠷᠢᠳᠴᠢᠯᠠᠬᠤ᠂ ᠵᠢᠭᠡᠯᠡᠯᠭᠡ ᠵᠢ ᠬᠥᠳᠡᠭᠡ ᠪᠠᠭᠤᠯᠭᠠᠬᠤ ᠵᠡᠷᠭᠡ ᠠᠷᠠᠳ᠎ᠲᠤ ᠠᠰᠢᠭ᠋ ᠬᠦᠷᠲᠡᠭᠡᠬᠦ ᠠᠵᠢᠯ᠎ᠤᠨ ᠠᠷᠭ᠎ᠠ ᠬᠡᠮᠵᠢᠶ᠎ᠡ᠎ᠠᠪᠴᠤ᠂ ᠰᠤᠷᠤᠯᠭ᠎ᠠ ᠡᠬᠢᠯᠡᠬᠦ ᠤᠯᠠᠷᠢᠯ᠎ᠳᠤ ᠠᠮᠢᠳᠤᠷᠠᠯ ᠬᠦᠴᠢᠷᠳᠡᠯᠲᠡᠢ ᠰᠤᠷᠤᠭ᠍ᠴᠢᠳ ᠎ᠤᠨ ᠰᠤᠷᠤᠯᠭ᠎ᠠ᠎ᠶᠢᠨ ᠰᠦᠢᠳᠬᠡᠯ᠂ ᠪᠠᠢᠷᠢ ᠵᠢᠨ ᠰᠦᠢᠳᠬᠡᠯ ᠴᠤᠭᠯᠠᠭᠤᠯᠬᠤ ᠳᠠᠷᠤᠯᠲᠠ ᠎ᠶᠢ ᠪᠦᠲᠦᠮᠵᠢᠲᠡᠶ ᠨᠠᠮᠳᠠᠭᠤᠯᠪᠠ᠃ ᠰᠤᠷᠤᠯᠭ᠎ᠠ ᠳᠡᠳᠬᠦᠬᠦ ᠵᠢᠭᠡᠯᠡᠯᠭᠡ᠎ᠶᠢᠨ ᠪᠡᠯᠡ ᠮᠥᠩᠭᠥ᠎ᠶᠢ ᠰᠤᠷᠤᠭ᠍ᠴᠢᠳ᠎ᠤᠨ ᠰᠤᠷᠤᠯᠴᠠᠵᠤ ᠪᠠᠢᠭ᠎ᠠ ᠶᠡᠬᠡ ᠳᠡᠭᠡᠳᠦ ᠰᠤᠷᠭᠠᠭᠤᠯᠢ᠎ᠶᠢᠨ ᠲᠠᠩᠰᠠᠨ ᠡᠷᠦᠬᠡ᠎ᠳᠦ ᠰᠢᠭᠤᠳ ᠰᠢᠯᠵᠢᠬᠦᠯᠦᠨ ᠥᠭᠴᠦ᠂ ᠰᠤᠷᠤᠯᠭ᠎ᠠ᠎ᠶᠢᠨ ᠰᠦᠢᠳᠬᠡᠯ ᠪᠠᠢᠷᠢ ᠵᠢᠨ ᠰᠦᠢᠳᠬᠡᠯ᠎ᠵᠢᠡᠨ ᠴᠠᠭ ᠲᠤᠬᠠᠢ ᠳ᠋ᠤᠨᠢ ᠲᠤᠰᠢᠶᠠᠬᠤ᠎ᠶᠢ ᠦᠨᠡᠨ᠎ᠬᠦ ᠪᠠᠲᠤᠯᠠᠵᠤ᠂ ᠦᠯᠡᠳᠡᠭᠰᠡᠨ ᠪᠡᠯᠡ ᠮᠥᠩᠭᠥ᠎ᠶᠢ ᠰᠤᠷᠤᠭ᠍ᠴᠢᠳ᠎ᠤᠨ ᠬᠤᠪᠢ ᠬᠥᠮᠥᠨ᠎ᠦ ᠲᠠᠩᠰᠠᠨ ᠡᠷᠦᠬᠡ᠎ᠳᠦ ᠦᠯᠡᠳᠡᠭᠡᠨ ᠬᠠᠳᠠᠭᠠᠯᠠᠵᠤ ᠡᠳᠦᠷ ᠲᠤᠲᠤᠮ᠎ᠤᠨ ᠠᠮᠢᠳᠤᠷᠠᠯ᠎ᠤᠨ ᠵᠠᠷᠤᠯᠭ᠎ᠠ᠎ᠳᠤ ᠬᠡᠷᠡᠭᠯᠡᠭᠦᠯᠵᠦ᠂ 《ᠵᠢᠬᠡᠯᠡᠯᠬᠡ ᠭᠤᠶᠤᠴᠢᠯᠠᠭᠰᠠᠳ ᠲᠤ᠌ ᠪᠦᠷ ᠵᠢᠭᠡᠯᠡᠯᠭᠡ ᠤᠯᠭᠤᠵᠤ᠂ ᠰᠤᠷᠭᠠᠭᠤᠯᠢ᠎ᠳᠤ ᠣᠷᠣᠬᠤ᠎ᠳᠤ ᠰᠠᠨᠠᠭ᠎ᠠ ᠠᠮᠤᠷ ᠪᠠᠢᠬᠤ》 ᠵᠢ ᠦᠨᠡᠨ᠎ᠬᠦ ᠪᠠᠳᠤᠯᠠᠪᠠ᠃

ᠥᠪᠡᠷᠲᠡᠭᠡᠨ ᠵᠠᠰᠠᠬᠤ ᠣᠷᠣᠨ ᠎ᠤ ᠰᠤᠷᠤᠯᠭ᠎ᠠ ᠳᠡᠳᠬᠦᠬᠦ ᠲᠥᠪ᠎ᠡᠴᠡ ᠤᠯᠤᠰ᠎ᠤᠨ ᠰᠤᠷᠤᠯᠭ᠎ᠠ ᠳᠡᠳᠬᠦᠬᠦ ᠵᠢᠭᠡᠯᠡᠯᠭᠡ ᠳᠠᠯᠪᠢᠵᠤ ᠪᠠᠢᠭ᠎ᠠ ᠪᠠᠩᠬᠢ ᠳᠠᠢ ᠬᠣᠯᠪᠤᠭᠠᠯᠠᠨ ᠵᠢᠭᠡᠯᠡᠯᠭᠡ᠎ᠶᠢᠨ ᠬᠢᠨᠠᠨ ᠵᠥᠪᠰᠢᠶᠡᠷᠡᠯ᠎ᠢ ᠲᠦᠷᠭᠡᠳᠬᠡᠵᠦ᠂ 9 ᠰᠠᠷ᠎ᠠ᠎ᠶᠢᠨ ᠰᠡᠭᠦᠯᠴᠢ᠎ᠪᠡᠷ ᠬᠣᠶᠠᠳᠤᠭᠠᠷ ᠪᠦᠯᠦᠭ᠎ᠦᠨ ᠵᠢᠭᠡᠯᠡᠯᠭᠡ ᠲᠠᠯᠪᠢᠬᠤ᠎ᠶᠢ ᠲᠠᠭᠤᠰᠬᠠᠵᠤ᠂ 11 ᠰᠠᠷ᠎ᠠ᠎ᠶᠢᠨ ᠰᠡᠭᠦᠯᠴᠢ᠎ᠪᠡᠷ ᠦᠯᠡᠳᠡᠭᠰᠡᠨ ᠵᠢᠭᠡᠯᠡᠯᠭᠡ ᠲᠠᠯᠪᠢᠬᠤ᠎ᠶᠢ ᠪᠡᠶᠡᠯᠡᠭᠦᠯᠬᠦ ᠪᠡᠷ ᠵᠢᠱ᠌ᠢᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面