ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-09-28 16:37:08

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠦᠢᠯᠡᠳᠦᠯᠭᠡ᠎ᠶ᠋ᠢᠨ ᠲᠥᠪ᠂ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠬᠥᠭᠵᠢᠯᠲᠡ᠎ᠶ᠋ᠢᠨ ᠰᠠᠭᠤᠷᠢ ᠮᠥᠩᠭᠦᠨ᠎ᠤ ᠨᠡᠶ᠋ᠢᠭᠡᠮᠯᠢᠭ᠂ ᠳᠤᠮᠳᠠᠳᠤ ᠤᠯᠤᠰ᠎ᠤᠨ ᠴᠢᠯᠠᠭᠤᠨ ᠲᠤᠰᠤᠨ᠎ᠤ ᠬᠥᠬᠡᠬᠤᠲᠠ᠎ᠳ᠋ᠡᠬᠢ ᠴᠢᠯᠠᠭᠤᠨ ᠲᠤᠰᠤ ᠬᠢᠮᠢ᠎ᠶ᠋ᠢᠨ ᠺᠣᠮᠫᠠᠨᠢ᠎ᠶ᠋ᠢᠨ ᠭᠤᠤᠯᠯᠠᠨ ᠡᠷᠬᠢᠯᠡᠭᠰᠡᠨ 《ᠬᠦᠰᠡᠯ ᠢᠨᠵᠧᠨᠧᠷᠢᠩ — ᠳᠤᠮᠳᠠᠳᠤ ᠤᠯᠤᠰ᠎ᠤᠨ ᠴᠢᠯᠠᠭᠤᠨ ᠲᠣᠰᠤᠨ᠎ᠤ ᠨᠡᠶ᠋ᠢᠲᠡ᠎ᠶ᠋ᠢᠨ ᠠᠰᠠᠷᠠᠮᠵᠢ᠎ᠶ᠋ᠢᠨ ᠰᠠᠭᠤᠷᠢ ᠮᠥᠩᠭᠦ᠌》 ᠬᠠᠨᠳᠢᠪᠯᠠᠬᠤ ᠶᠣᠰᠤᠯᠠᠯ ᠪᠡᠭᠡᠵᠢᠩ᠎ᠤᠨ ᠳᠥᠷᠪᠡᠳᠦᠭᠡᠷ ᠳᠤᠮᠳᠠᠳᠤ ᠰᠤᠷᠭᠠᠭᠤᠯᠢ᠎ᠶ᠋ᠢᠨ ᠬᠥᠬᠡᠬᠤᠲᠠ᠎ᠳ᠋ᠡᠬᠢ ᠬᠤᠪᠢᠶᠠᠷᠢ ᠰᠤᠷᠭᠠᠭᠤᠯᠢ᠎ᠳᠤ ᠶᠠᠪᠤᠭᠳᠠᠪᠠ᠃

ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠳᠤᠮᠳᠠᠳᠤ ᠤᠯᠤᠰ᠎ᠤᠨ ᠴᠢᠯᠠᠭᠤᠨ ᠳᠤᠰᠤᠨ᠎ᠤ ᠬᠥᠬᠡᠬᠤᠲᠠ ᠳ᠋ᠡᠬᠢ ᠴᠢᠯᠠᠭᠤᠨ ᠲᠤᠰᠤ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠺᠣᠮᠫᠠᠨᠢ᠂ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠬᠥᠭᠵᠢᠯᠲᠡ᠎ᠶ᠋ᠢᠨ ᠰᠠᠭᠤᠷᠢ ᠮᠥᠩᠭᠦᠨ᠎ᠤ ᠨᠡᠶ᠋ᠢᠭᠡᠮᠯᠢᠭ᠎ᠠᠴᠠ ᠪᠡᠭᠡᠵᠢᠩ᠎ᠤᠨ ᠳᠥᠷᠪᠡᠳᠦᠭᠡᠷ ᠳᠤᠮᠳᠠᠳᠤ ᠰᠤᠷᠭᠠᠭᠤᠯᠢ᠎ᠶ᠋ᠢᠨ ᠬᠥᠬᠡᠬᠤᠲᠠ ᠳ᠋ᠡᠬᠢ ᠬᠤᠪᠢᠶᠠᠷᠢ ᠰᠤᠷᠭᠠᠭᠤᠯᠢ᠂ ᠬᠥᠬᠡᠬᠤᠲᠠ᠎ᠶ᠋ᠢᠨ ᠠᠷᠪᠠᠨ ᠳᠣᠯᠤᠳᠤᠭᠠᠷ ᠳᠤᠮᠳᠠᠳᠤ ᠰᠤᠷᠭᠠᠭᠤᠯᠢ᠂ ᠰᠠᠶ᠋ᠢᠬᠠᠨ ᠲᠣᠭᠤᠷᠢᠭ᠎ᠤᠨ᠎ᠶ᠋ᠢᠨ ᠴᠢᠶᠤᠣ ᠪᠠᠭ᠎ᠠ ᠰᠤᠷᠭᠠᠭᠤᠯᠢ ᠵᠡᠷᠭᠡ 8 ᠰᠤᠷᠭᠠᠭᠤᠯᠢ᠎ᠳᠤ 30 ᠲᠦᠮᠡᠨ ᠲᠥᠭᠦᠷᠢᠭ᠎ᠤᠨ ᠬᠠᠶ᠋ᠢᠷ᠎ᠠ ᠬᠠᠯᠠᠮᠵᠢ᠎ᠶ᠋ᠢᠨ ᠵᠣᠭᠤᠰ ᠮᠦᠩᠭᠦ ᠬᠠᠨᠳᠢᠪᠯᠠᠵᠤ᠂ ᠮᠣᠷᠠᠯ ᠰᠤᠷᠤᠯᠭ᠎ᠠ ᠬᠤᠤᠰᠯᠠᠬᠰᠠᠨ᠂ ᠥᠪᠡᠷ᠎ᠢ᠎ᠪᠠᠨ ᠬᠦᠴᠦᠷᠬᠡᠭᠵᠢᠭᠦᠯᠬᠦ ᠪᠡᠷ ᠮᠡᠷᠡᠢᠨ ᠴᠢᠷᠮᠠᠢᠭᠰᠠᠨ ᠰᠤᠷᠤᠭᠴᠢᠳ ᠬᠢᠭᠡᠳ ᠤᠳᠠᠭᠠᠨ ᠵᠢᠯ ᠨᠢᠬᠡᠳᠦᠬᠡᠷ ᠹᠷᠤᠨᠲ ᠲᠸ᠋ ᠠᠵᠢᠯᠯᠠᠬᠰᠠᠨ ᠪᠠᠭᠰᠢ᠎ᠨᠠᠷ᠎ᠲᠤ᠌ ᠤᠯᠭᠤᠬᠤ᠎ᠶ᠋ᠢᠨ ᠬᠠᠮᠲᠤ᠌᠂ ᠳᠠᠷᠤᠮᠠᠯᠯᠠᠬᠤ ᠮᠠᠰᠢᠨ ᠵᠡᠷᠭᠡ ᠵᠢᠭᠠᠨ ᠰᠤᠷᠭᠠᠯᠲᠠ᠎ᠶ᠋ᠢᠨ ᠲᠥᠬᠦᠭᠡᠷᠦᠮᠵᠢ ᠬᠤᠳᠠᠯᠳᠤᠨ ᠠᠪᠴᠤ᠌᠂ ᠰᠤᠷᠭᠠᠭᠤᠯᠢ᠎ᠶ᠋ᠢᠨ ᠰᠤᠷᠭᠠᠭᠤᠯᠢ ᠡᠷᠬᠢᠯᠡᠬᠦ᠌ ᠨᠥᠬᠦᠴᠡᠯ᠎ᠢ ᠰᠠᠶ᠋ᠢᠵᠢᠷᠠᠭᠤᠯᠪᠠ᠃

ᠲᠣᠰ ᠤᠳᠠᠭ᠎ᠠ ᠵᠢᠨ᠎ᠬᠠᠨᠳᠢᠪ᠎ᠤᠨ ᠠᠵᠢᠯᠯᠠᠭ᠎ᠠ᠎ᠨᠢ ᠰᠤᠷᠭᠠᠨ ᠬᠥᠮᠦᠵᠢᠯ᠎ᠤᠨ ᠱᠠᠩᠨᠠᠯ᠂ ᠰᠤᠷᠤᠯᠭ᠎ᠠ ᠵᠢᠨ ᠲᠡᠳᠬᠦᠮᠵᠢ᠂ ᠰᠤᠷᠭᠠᠭᠤᠯᠢ ᠡᠷᠭᠢᠯᠡᠬᠦ᠌ ᠨᠥᠬᠦᠴᠡᠯ᠎ᠢ ᠰᠠᠶ᠋ᠢᠵᠢᠷᠠᠭᠤᠯᠬᠤ ᠭᠤᠷᠪᠠᠨ ᠶᠡᠭᠡ ᠴᠢᠭᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠭᠴᠢᠳ᠎ᠤᠨ ᠥᠭᠡᠳᠡᠯᠡᠨ ᠳᠠᠪᠰᠢᠬᠤ᠎ᠶ᠋ᠢ ᠵᠣᠷᠢᠭᠵᠢᠭᠤᠯᠤᠭᠰᠠᠨ᠎ᠢᠶᠠᠷ ᠪᠠᠷᠠᠬᠤ ᠥᠬᠡᠢ ᠪᠠᠰᠠ ᠨᠢᠬᠡᠳᠦᠬᠡᠷ ᠹᠷᠤᠨᠲ᠎ᠲᠤ᠌ ᠦᠨᠳᠦᠰᠦᠯᠡᠭᠰᠡᠨ ᠰᠢᠷᠭᠠᠭᠤ ᠬᠠᠲᠠᠭᠤᠵᠢᠯᠲᠠᠢ ᠪᠠᠬᠰᠢ ᠨᠠᠷ᠎ᠢ ᠬᠥᠬᠢᠭᠦᠯᠪᠡ᠃ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠲᠠᠷᠠᠭᠠᠴᠢ ᠪᠡᠷ ᠪᠢᠳᠠ ᠰᠤᠷᠤᠯᠭ᠎ᠠ ᠲᠡᠳᠬᠦᠬᠦ᠌ ᠬᠥᠮᠦᠨ ᠬᠥᠮᠦᠵᠢᠭᠦᠯᠬᠦ᠌ ᠭᠤᠤᠯ ᠠᠵᠢᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠬᠢ ᠪᠠᠶᠠᠯᠢᠭ᠎ᠤᠨ ᠲᠠᠪᠴᠠᠩ᠎ᠢ ᠥᠷᠭᠡᠳᠬᠡᠨ᠂ ᠨᠡᠶ᠋ᠢᠭᠡᠮ ᠨᠡᠶ᠋ᠢᠲᠡ᠎ᠶ᠋ᠢᠨ ᠠᠰᠠᠷᠠᠮᠵᠢ᠎ᠶ᠋ᠢᠨ ᠬᠦᠴᠦᠨ᠎ᠢ ᠨᠢᠭᠲᠠᠷᠠᠭᠤᠯᠵᠤ᠂ ᠵᠠᠯᠠᠭᠤᠴᠤᠳ ᠪᠠᠭᠠᠴᠤᠳ᠎ᠤᠨ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ ᠲᠠᠯᠪᠢᠨ ᠰᠠᠢᠲᠤᠷ ᠰᠢᠢᠳᠪᠦᠷᠢᠯᠡᠵᠦ᠍ ᠥᠭᠭᠦᠨ᠎ᠡ ᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面