ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-23 12:37:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 18᠎ᠤ ᠡᠳᠦᠷ᠂ 2026 ᠣᠨ᠎ᠤ ᠪᠦᠬᠦ ᠣᠷᠣᠨ᠎ᠤ ᠰᠤᠷᠤᠭ᠍ᠴᠢᠳ᠎ᠤᠨ《ᠦᠨᠳᠦᠰᠦᠨ ᠬᠠᠤᠯᠢ᠎ᠶᠢ ᠰᠤᠷᠤᠯᠴᠠᠵᠤ ᠦᠨᠳᠦᠰᠦᠨ ᠬᠠᠤᠯᠢ᠎ᠶᠢ ᠡᠷᠬᠢᠮᠯᠡᠬᠦ》ᠬᠠᠤᠯᠢ ᠪᠡᠷ ᠵᠠᠰᠠᠬᠤ ᠬᠡᠪ ᠪᠣᠯᠪᠠᠰᠤᠷᠠᠯ᠎ᠤᠨ ᠴᠢᠳᠠᠪᠤᠷᠢ᠎ᠶᠢᠨ ᠤᠷᠤᠯᠳᠤᠭᠠᠨ ᠤ᠋ ᠰᠢᠢᠳᠪᠦᠷᠢᠲᠦ ᠤᠷᠤᠯᠳᠤᠭᠠᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃ ᠲᠤᠰ ᠤᠷᠤᠯᠳᠤᠭᠠᠨ᠎ᠤ ᠵᠣᠷᠢᠯᠭ᠎ᠠ ᠨᠢ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠵᠤ᠂ ᠦᠨᠳᠦᠰᠦᠨ ᠬᠠᠤᠯᠢ ᠵᠢᠨ ᠬᠥᠮᠦᠵᠢᠯ᠎ᠢ ᠰᠤᠷᠭᠠᠭᠤᠯᠢ ᠶ᠋ᠢᠨ ᠬᠦᠷᠢᠶᠡᠨ᠎ᠳᠦ ᠣᠷᠣᠭᠤᠯᠬᠤ᠎ᠶᠢ ᠠᠬᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠬᠥᠲᠥᠯᠥᠨ ᠵᠢᠯᠤᠭᠣᠳᠴᠤ ᠬᠠᠤᠯᠢ ᠪᠡᠷ ᠵᠠᠰᠠᠬᠤ ᠤᠬᠠᠮᠰᠠᠷ᠎ᠲᠠᠢ ᠪᠣᠯᠭᠠᠵᠤ᠂ ᠬᠠᠤᠯᠢ ᠪᠡᠷ ᠵᠠᠰᠠᠬᠤ ᠦᠵᠡᠯᠲᠡ᠎ᠶᠢ ᠴᠢᠨᠭᠭᠠᠳᠬᠠᠬᠤ ᠪᠤᠯᠤᠨ᠎ᠠ᠃

ᠪᠥᠬᠥ ᠣᠷᠣᠨ᠎ᠤ ᠰᠤᠷᠤᠭ᠍ᠴᠢᠳ᠎ᠤᠨ 《ᠦᠨᠳᠦᠰᠦᠨ ᠬᠠᠤᠯᠢ᠎ᠶᠢ ᠰᠤᠷᠤᠯᠴᠠᠵᠤ ᠦᠨᠳᠦᠰᠦᠨ ᠬᠠᠤᠯᠢ᠎ᠶᠢ ᠡᠷᠬᠢᠮᠯᠡᠬᠦ》 ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠤᠨ ᠴᠢᠳᠠᠪᠤᠷᠢ᠎ᠶᠢᠨ ᠤᠷᠤᠯᠳᠤᠭᠠᠨ᠎ᠳ᠋ᠤ ᠪᠥᠬᠥ ᠣᠷᠣᠨ᠎ᠤ 12 ᠠᠢᠮᠠᠭ ᠬᠣᠲᠠ ᠵᠢᠨ 34 ᠶᠡᠬᠡ ᠳᠡᠭᠡᠳᠦ ᠰᠤᠷᠭᠠᠭᠤᠯᠢ᠎ᠶᠢᠨ 74 ᠬᠦᠮᠦᠨ ᠠᠨᠭᠬᠠᠨ ᠤ᠋ ᠰᠦᠯᠵᠢᠶᠡᠨ ᠳᠡᠭᠡᠷᠡᠬᠢ ᠰᠢᠯᠭᠠᠷᠠᠭᠤᠯᠤᠯᠲᠠ᠎ᠳᠤ ᠣᠷᠣᠯᠴᠠᠵᠤ᠂ 31 ᠬᠦᠮᠦᠨ ᠠᠮᠵᠢᠯᠲᠠ᠎ᠲᠠᠢ᠎ᠪᠠᠷ ᠲᠠᠰ ᠳᠡᠪᠰᠢᠪᠡ᠃ ᠪᠤᠳᠠᠳᠤ ᠴᠤᠭᠴᠠ ᠵᠢᠨ ᠰᠢᠢᠳᠪᠦᠷᠢᠲᠦ ᠤᠷᠤᠯᠳᠤᠭᠠᠨ᠎ᠳᠤ᠂ ᠡᠯ᠎ᠡ ᠰᠤᠷᠤᠯᠭ᠎ᠠ᠎ᠶᠢᠨ ᠱᠠᠲᠤ᠂ ᠡᠯ᠎ᠡ ᠠᠢᠮᠠᠭ ᠬᠣᠲᠠ᠎ᠶᠢᠨ 31 ᠰᠢᠯᠢᠳᠡᠭ ᠤᠷᠤᠯᠴᠠᠭᠴᠢ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ ᠡᠴᠦᠰ᠎ᠲᠡᠬᠡᠨ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠂ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠳᠤᠭᠤᠢᠯᠠᠩ᠂ ᠳᠡᠭᠡᠳᠦ ᠵᠡᠷᠭᠡ᠎ᠶᠢᠨ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠪᠤᠰᠤ ᠳᠤᠭᠤᠢᠯᠠᠩ᠎ᠭᠡᠬᠦ 5 ᠳᠤᠭᠤᠢᠯᠠᠩ᠎ᠤᠨ ᠡᠯ᠎ᠡ ᠲᠠᠰ᠎ᠤᠨ ᠱᠠᠩᠨᠠᠯ᠎ᠢ ᠰᠢᠯᠭᠠᠷᠠᠭᠤᠯᠪᠠ᠃ 5 ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯᠲᠤ ᠤᠷᠤᠯᠴᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠢ᠋ ᠲᠥᠯᠥᠭᠡᠯᠡᠨ ᠪᠦᠬᠦ ᠤᠯᠤᠰ᠎ᠤᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠬᠤ ᠪᠣᠯᠣᠨ᠎ᠠ ᠃

ᠣᠢᠷ᠎ᠠ᠎ᠶᠢᠨ ᠵᠢᠯ᠎ᠡᠴᠡ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠭᠣᠣᠯ ᠡᠭᠦᠷᠭᠡ᠎ᠲᠠᠢ ᠨᠢᠭ᠍ᠲᠠ ᠤᠶᠠᠯᠳᠤᠭᠤᠯᠵᠤ᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠲᠦᠷᠦᠯ ᠲᠡᠮᠳᠡᠭ᠎ᠢ ᠠᠩᠬ᠎ᠠ ᠡᠭᠦᠳᠴᠦ᠂ ᠵᠢᠯ ᠪᠦᠷᠢ 6 ᠶᠡᠬᠡ ᠲᠦᠷᠦᠯ᠂ 15 ᠲᠤᠰᠬᠠᠢ ᠠᠵᠢᠯᠯᠠᠭ᠎ᠠ᠎ᠶᠢ ᠲᠣᠭᠲᠠᠮᠠᠯ ᠥᠷᠨᠢᠭᠦᠯᠵᠦ᠂ ᠵᠢᠯ᠎ᠳᠦ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ 2 ᠲᠦᠮᠡ ᠰᠢᠬᠠᠮ ᠤᠳᠠᠭ᠎ᠠ ᠵᠣᠬᠢᠶᠠᠨ ᠪᠠᠢᠭᠤᠯᠵᠤ᠂ ᠨᠡᠢ᠍ᠢᠳᠡ 1000 ᠭᠠᠷᠤᠢ ᠲᠦᠮᠡᠨ ᠬᠥᠮᠥᠨ ᠤᠳᠠᠭ᠎ᠠ ᠣᠷᠣᠯᠴᠠᠵᠦ ᠪᠤᠢ᠃ ᠡᠭᠦᠨ᠎ᠦ ᠬᠠᠮᠲᠤ᠂ ᠰᠤᠷᠭᠠᠭᠤᠯᠢ᠂ ᠰᠣᠷᠣᠭ᠍ᠴᠢ᠎ᠶᠢᠨ ᠬᠡᠷᠡᠭᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠵᠤ᠂ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠬᠢᠴᠢᠶᠡᠯ᠎ᠦᠨ ᠲᠠᠩᠬᠢᠮ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡ᠂ ᠭᠡᠷ ᠪᠦᠯᠢ᠎ᠶᠢᠨ ᠬᠥᠮᠦᠵᠢᠯ᠂ ᠨᠡᠢᠭᠡᠮ᠎ᠦᠨ ᠦᠢᠯᠡᠳᠦᠯᠭᠡ ᠵᠡᠷᠭᠡ ᠡᠯ᠎ᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠵᠠᠯᠠᠭᠤᠴᠤᠳ ᠪᠠᠭᠠᠴᠤᠳ᠎ᠤᠨ ᠬᠠᠤᠯᠢ ᠡᠴᠡ ᠵᠥᠷᠢᠴᠡᠵᠦ ᠶᠠᠯ᠎ᠠ ᠬᠢᠬᠦ᠎ᠶᠢ ᠪᠦᠲᠦᠮᠵᠢᠲᠡᠶ ᠰᠡᠷᠭᠡᠢᠯᠡᠵᠦ ᠪᠤᠢ᠃ ᠡᠯ᠎ᠡ ᠠᠢᠮᠠᠭ ᠬᠤᠳᠠ᠂ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠰᠢᠰᠲᠧᠮ᠎ᠦᠨ ᠵᠠᠯᠠᠭᠤᠴᠤᠳ ᠪᠠᠭᠠᠴᠤᠳ᠎ᠤᠨ ᠬᠠᠤᠯᠢ᠎ᠶᠢ ᠮᠡᠳᠡᠬᠦ᠂ ᠬᠠᠤᠯᠢ᠎ᠶᠢ ᠰᠤᠷᠤᠯᠴᠠᠬᠤ᠂ ᠬᠠᠤᠯᠢ᠎ᠶᠢ ᠣᠢᠯᠠᠭᠠᠬᠤ᠂ ᠬᠠᠤᠯᠢ᠎ᠶᠢ ᠰᠠᠬᠢᠬᠤ᠂ ᠬᠠᠤᠯᠢ᠎ᠶᠢ ᠬᠡᠷᠡᠭᠯᠡᠬᠦ ᠤᠬᠠᠮᠰᠠᠷ᠎ᠢ ᠤᠯᠠᠮ ᠴᠢᠩᠭᠠᠳᠬᠠᠬᠤ᠎ᠶᠢ ᠠᠬᠢᠭᠤᠯᠵᠤ᠂ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ᠎ᠦᠨ ᠦᠷ᠎ᠡ ᠪᠦᠲᠦᠮᠵᠢ ᠢᠯᠡᠳᠲᠡ ᠪᠣᠯᠪᠠ᠃

 ᠢᠷᠡᠯᠳᠡ᠄ ᠦᠪᠦᠷ ᠮᠤᠨᠭᠭᠤᠯ᠎ᠤᠨ ᠰᠤᠨᠢᠨ ᠮᠡᠳᠡᠭᠡ ᠵᠢᠨ ᠰᠦᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面