ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-10-27 11:08:20

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠢᠷ᠎ᠠ ᠳ᠋ᠤ ᠤᠯᠠᠭᠠᠨᠴᠠᠪ ᠬᠣᠲᠠ᠎ᠶᠢᠨ ᠵᠦᠸᠧᠽᠢ ᠰᠢᠶᠠᠨ᠎ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠪᠤᠯᠤᠨ ᠬᠥᠬᠡᠡᠡᠣᠲᠠ᠎ᠶᠢᠨ ᠰᠠᠢᠬᠠᠨ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠠᠮᠳᠤᠷᠠᠯᠴᠠᠭ᠎ᠠ ᠪᠠᠢᠭᠤᠯᠵᠤ ᠬᠠᠪᠰᠤᠷᠤᠨ ᠲᠡᠳᠬᠦᠬᠦ ᠪᠦᠳᠦᠬᠦᠪᠴᠢ ᠵᠦᠪᠯᠡᠯᠴᠡᠬᠡᠷ ᠲᠤ᠌ ᠭᠠᠷ᠎ᠤᠨ ᠥᠰᠥᠭ ᠵᠢᠷᠤᠬᠤ ᠶᠣᠰᠣᠯᠠᠯ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠬᠥᠬᠡᠡᠡᠣᠲᠠ ᠳ᠋ᠡᠬᠢ ᠬᠤᠪᠢᠶᠠᠷᠢ ᠰᠤᠷᠭᠠᠭᠤᠯᠢ᠎ᠳᠤ ᠶᠠᠪᠤᠭᠳᠠᠪᠠ᠃

ᠡᠨᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢᠨ ᠪᠠᠢᠷᠢᠯᠠᠭᠤᠯᠤᠯᠲᠠ᠎ᠶᠢᠨ ᠨᠠᠢᠳᠠᠪᠤᠷᠢᠵᠢᠭᠤᠯᠤᠯᠳᠠ ᠪᠤᠯᠤᠨ᠎ᠠ᠃ ᠬᠣᠶᠠᠷ ᠭᠠᠵᠠᠷ᠎ᠤᠨ ᠬᠢᠨ 《ᠰᠤᠷᠭᠠᠭᠤᠯᠢ ᠵᠢᠨ ᠬᠤᠭᠤᠷᠤᠨᠳᠤ ᠬᠠᠪᠰᠤᠷᠤᠯᠴᠠᠭ᠎ᠠ ᠪᠠᠢᠭᠤᠯᠵᠤ᠂ ᠵᠢᠭᠠᠨ ᠰᠤᠷᠭᠠᠯᠲᠠ ᠰᠤᠳᠤᠯᠭᠠᠨ᠎ᠤ ᠳᠠᠯ᠎ᠠ ᠪᠡᠷ ᠬᠤᠷᠰᠢᠯᠴᠠᠵᠤ᠂ ᠡᠬᠢ ᠪᠠᠶᠠᠯᠢᠭ᠋᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ》 ᠵᠠᠷᠴᠢᠮ᠎ᠢ ᠪᠠᠷᠢᠮᠲᠠᠯᠠᠨ᠂ ᠭᠦᠨᠵᠡᠭᠡᠢ ᠬᠠᠪᠰᠤᠷᠤᠨ ᠲᠡᠳᠬᠦᠬᠦ ᠬᠠᠮᠲᠤ᠎ᠶᠢᠨ ᠲᠠᠨᠢᠯᠲᠠ᠎ᠲᠠᠢ ᠪᠣᠯᠤᠭᠰᠠᠨ ᠪᠠᠢᠨ᠎ᠠ᠃ ᠵᠦᠪᠯᠡᠯᠴᠡᠬᠡᠷ᠎ᠢ ᠦᠨᠳᠦᠰᠦᠯᠡᠪᠡᠯ᠂ ᠬᠣᠶᠠᠷ ᠭᠠᠵᠠᠷ᠎ᠤᠨ 8 ᠳᠤᠮᠳᠠᠳᠤ ᠪᠠᠭ᠎ᠠ ᠰᠤᠷᠭᠠᠭᠤᠯᠢ ᠬᠠᠪᠰᠤᠷᠤᠯᠴᠠᠭ᠎ᠠ ᠪᠠᠢᠭᠤᠯᠵᠤ᠂ 《ᠨᠢᠭᠡ ᠰᠤᠷᠭᠠᠭᠤᠯᠢ ᠨᠢᠭᠡ ᠲᠦᠰᠦᠯ》 ᠲᠤᠭᠳᠠᠭᠠᠨ᠂ ᠨᠠᠷᠢᠯᠢᠭ᠋ ᠣᠨᠣᠴᠠᠲᠠᠢ᠎ᠪᠠᠷ ᠬᠠᠪᠰᠤᠷᠤᠨ ᠲᠡᠳᠬᠦᠬᠦ ᠵᠠᠭᠪᠤᠷ᠎ᠢ ᠬᠡᠷᠡᠭᠵᠢᠭᠦᠯᠬᠦ ᠪᠤᠯᠤᠨ᠎ᠠ᠃

ᠡᠬᠦᠨ ᠳ᠋ᠤ᠂ ᠬᠣᠶᠠᠷ ᠲᠠᠯ᠎ᠠ᠎ᠪᠠᠷ᠎ᠢᠶᠠᠨ ᠬᠠᠮᠲᠤᠷᠠᠨ ᠬᠢᠴᠢᠶᠡᠯ ᠪᠡᠯᠡᠳᠬᠡᠬᠦ᠂ ᠬᠠᠷᠢᠯᠴᠠᠨ ᠬᠢᠴᠢᠶᠡᠯ᠎ᠦᠨ ᠲᠠᠩᠬᠢᠮ᠎ᠵᠢᠡᠷ ᠲᠣᠭᠣᠷᠢᠨ ᠦᠵᠡᠬᠦ᠂ ᠡᠬᠢ ᠪᠠᠶᠠᠯᠢᠭ᠋᠎ᠢ ᠬᠠᠮᠲᠤ ᠪᠠᠷ ᠪᠠᠶ᠋ᠢᠭᠤᠯᠬᠤ᠂ ᠲᠤᠰᠬᠠᠢ ᠰᠡᠳᠦᠪᠲᠦ ᠪᠣᠯᠪᠠᠰᠤᠷᠠᠯ ᠦᠷᠨᠢᠬᠦᠯᠬᠦ᠂ ᠪᠠᠭ᠍ᠰᠢ᠎ᠨᠠᠷ  ᠠᠵᠢᠯ᠎ᠤᠨ ᠪᠠᠢᠷᠢᠨ ᠳ᠋ᠠᠭᠠᠨ ᠰᠤᠳᠤᠯᠤᠨ ᠰᠤᠷᠤᠯᠴᠠᠬᠤ᠂ ᠰᠤᠷᠭᠠᠨ ᠬᠥᠮᠦᠵᠢᠯ᠎ᠢ ᠬᠦᠷᠭᠡᠵᠦ ᠰᠤᠷᠭᠠᠨ ᠬᠥᠮᠦᠵᠢᠯ᠎ᠢ ᠳᠡᠮᠵᠢᠬᠦ᠂ ᠰᠤᠷᠭᠠᠭᠤᠯᠢ ᠡᠷᠬᠢᠯᠡᠬᠦ ᠲᠤᠷᠰᠢᠯᠭ᠎ᠠ᠎ᠪᠠᠨ ᠰᠣᠯᠢᠯᠴᠠᠬᠤ ᠵᠡᠷᠭᠡ ᠲᠠᠯ᠎ᠠ᠎ᠶᠢᠨ ᠲᠣᠭᠣᠷᠢᠨ᠎ᠳᠤ ᠪᠠᠢᠩᠭᠤ᠎ᠶᠢᠨ ᠬᠠᠮᠲᠤᠷᠠᠯᠴᠠᠭ᠎ᠠ ᠥᠷᠨᠢᠭᠦᠯᠵᠦ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠤᠨ ᠬᠣᠣᠰ ᠴᠢᠭᠯᠡᠯ᠎ᠢᠶᠡᠷ ᠰᠢᠯᠵᠢᠬᠦ᠎ᠶᠢ ᠠᠬᠢᠭᠤᠯᠵᠤ᠂ ᠵᠢᠭᠠᠨ ᠰᠤᠷᠭᠠᠯᠲᠠ᠎ᠶᠢᠨ ᠲᠤᠮᠳᠠᠬᠢ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠣᠷᠣᠨ ᠪᠦᠰᠡ᠎ᠶᠢᠨ ᠰᠤᠷᠭᠠᠨ ᠬᠥᠮᠦᠵᠢᠯ᠎ᠦᠨ ᠵᠥᠷᠢᠶ᠎ᠡ᠎ᠶᠢ ᠪᠠᠭᠠᠰᠬᠠᠬᠤ ᠪᠤᠯᠤᠨ᠎ᠠ᠃

ᠬᠤᠢᠰᠢᠳᠠ ᠬᠠᠪᠰᠤᠷᠤᠯᠴᠠᠭ᠎ᠠ ᠪᠠᠢᠭᠤᠯᠤᠭᠰᠠᠨ ᠰᠤᠷᠭᠠᠭᠤᠯᠢ᠎ᠨᠤᠭᠤᠳ ᠠᠷᠭ᠎ᠠ ᠬᠡᠮᠵᠢᠶ᠎ᠡ᠎ᠪᠡᠨ ᠨᠠᠷᠢᠯᠢᠬ ᠪᠤᠳᠠᠳᠠᠢ ᠨᠠᠢᠳᠠᠪᠤᠷᠢᠵᠢᠭᠤᠯᠵᠤ᠂ ᠰᠤᠷᠭᠠᠭᠤᠯᠢ ᠡᠷᠭᠢᠯᠡᠬᠦ ᠳᠠᠪᠠᠭᠤᠯᠢᠭ᠋᠎ᠢᠶᠠᠨ ᠪᠠᠳᠠᠷᠠᠭᠤᠯᠤᠨ᠂ ᠰᠣᠯᠢᠯᠴᠠᠭ᠎ᠠ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠂ ᠰᠤᠷᠭᠠᠭᠤᠯᠢ ᠡᠷᠭᠢᠯᠡᠬᠦ ᠶᠠᠰᠤ ᠴᠢᠨᠠᠷ ᠪᠣᠯᠣᠨ ᠬᠥᠮᠥᠨ ᠬᠥᠮᠥᠵᠢᠭᠦᠯᠬᠦ ᠲᠦᠪᠰᠢᠨ᠎ᠵᠢᠡᠨ ᠦᠷᠭᠦᠯᠵᠢᠯᠡᠨ ᠳᠡᠭᠡᠭᠰᠢᠯᠡᠭᠦᠯᠵᠦ᠂ ᠬᠣᠶᠠᠷ ᠭᠠᠵᠠᠷ᠎ᠤᠨ ᠰᠠᠭᠤᠷᠢ ᠰᠤᠷᠭᠠᠨ ᠬᠥᠮᠦᠵᠢᠯ᠎ᠦᠨ ᠶᠠᠰᠤ ᠴᠢᠨᠠᠷ᠎ᠢ  ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ  ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面