2026-10-28 09:57:43
10 ᠰᠠᠷ᠎ᠠ᠎ᠶᠢᠨ 25᠎ᠤ ᠡᠳᠦᠷ᠂ ᠥᠪᠥᠷ ᠮᠣᠩᠭᠣᠯ᠎ᠤᠨ 2026 ᠣᠨ᠎ᠤ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ᠎ᠶᠢᠨ ᠳ᠋ᠦᠩᠨᠡᠨ ᠬᠤᠪᠢᠶᠠᠯᠴᠠᠬᠤ ᠵᠢᠴᠢ ᠦᠷ᠎ᠡ ᠪᠦᠲᠦᠭᠡᠯ᠎ᠦᠨ ᠦᠵᠡᠭᠦᠯᠭᠡ᠎ᠶᠢᠨ ᠠᠵᠢᠯᠯᠠᠭ᠎ᠠ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃
ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠬᠠᠮᠲᠤᠷᠠᠨ ᠡᠷᠭᠢᠯᠡᠪᠡ᠃ ᠡᠨᠡ ᠵᠢᠯ᠎ᠦᠨ ᠭᠣᠣᠯ ᠰᠡᠳᠦᠪᠲᠦ ᠨᠡᠢᠭᠡᠮ᠎ᠦᠨ ᠦᠢᠯᠡᠳᠦᠯᠭᠡ ᠨᠢ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠲᠠᠢ ᠨᠢᠭ᠍ᠲᠠ ᠤᠶᠠᠯᠳᠤᠭᠤᠯᠤᠨ᠂ 《ᠦᠵᠡᠯ ᠰᠠᠨᠠᠭ᠎ᠠ ᠤᠯᠤᠰ ᠲᠦᠷᠦ᠎ᠶᠢᠨ ᠪᠠᠭ᠎ᠠ ᠬᠢᠴᠢᠶᠡᠯ᠎ᠦᠨ ᠲᠠᠩᠬᠢᠮ》 ᠪᠣᠯᠣᠨ 《ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ》᠎ᠢ ᠦᠷᠭᠦᠯᠵᠢᠯᠡᠨ ᠨᠠᠪᠲᠠᠷᠡᠭᠦᠯᠵᠦ᠂ ᠵᠠᠯᠠᠭᠤ ᠰᠤᠷᠤᠭ᠍ᠴᠢᠳ᠎ᠢ ᠬᠥᠲᠥᠯᠥᠨ ᠵᠢᠯᠤᠭᠣᠳᠴᠤ ᠰᠤᠷᠭᠠᠭᠤᠯᠢ᠎ᠶᠢᠨ ᠬᠦᠷᠢᠶᠡᠨ᠎ᠡᠴᠡ ᠭᠠᠷᠴᠤ ᠡᠮᠦᠨ᠎ᠡ ᠹᠷᠣᠨᠲ᠎ᠲᠤ ᠭᠦᠨᠵᠡᠭᠡᠢᠷᠡᠭᠦᠯᠵᠦ᠂ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠬᠦ᠂ ᠦᠨᠳᠦᠰᠦᠨ ᠱᠠᠲᠤᠨ᠎ᠳᠤ ᠦᠢᠯᠡᠴᠢᠯᠡᠬᠦ᠂ ᠬᠤᠪᠢᠰᠬᠠᠯ᠎ᠤᠨ ᠰᠤᠷᠪᠤᠯᠵᠢᠯᠠᠭ᠎ᠠ᠎ᠶᠢᠨ ᠳᠤᠮᠳᠠ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠪᠠᠲᠤᠳᠬᠠᠵᠤ᠂ ᠡᠷᠳᠡᠮ ᠴᠢᠳᠠᠪᠤᠷᠢ᠎ᠶᠢ ᠳᠠᠪᠲᠠᠨ ᠪᠣᠯᠪᠠᠰᠤᠷᠠᠭᠤᠯᠪᠠ᠃ ᠲᠤᠰ ᠠᠵᠢᠯᠯᠠᠭ᠎ᠠ 7 ᠰᠠᠷ᠎ᠠ᠎ᠳᠤ ᠡᠬᠢᠯᠡᠭᠰᠡᠨ᠎ᠡᠴᠡ ᠨᠠᠭᠠᠰᠢ᠂ ᠪᠦᠬᠦ ᠣᠷᠣᠨ᠎ᠤ 5 ᠲᠦᠮᠡ ᠭᠠᠷᠤᠢ ᠵᠠᠯᠠᠭᠤ ᠰᠤᠷᠤᠭ᠍ᠴᠢ ᠪᠠ 1.8 ᠲᠦᠮᠡᠨ ᠪᠠᠭ᠍ᠰᠢ 9021 ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠢᠭᠤᠯᠵᠤ᠂《ᠡᠨᠧᠷᠭᠢ᠎ᠪᠡᠷ ᠤᠯᠤᠰ᠎ᠢᠶᠠᠨ ᠬᠦᠴᠦᠷᠬᠡᠭᠵᠢᠭᠦᠯᠬᠦ》ᠤᠯᠤᠰ᠎ᠤᠨ ᠪᠠᠢᠳᠠᠯ᠎ᠤᠨ ᠲᠣᠭᠣᠷᠢᠨ᠎ᠳᠤ ᠪᠠᠢᠴᠠᠭᠠᠨ ᠰᠤᠳᠤᠯᠤᠯᠲᠠ ᠬᠢᠬᠦ ᠵᠡᠷᠭᠡ ᠵᠢᠷᠭᠤᠭᠠᠨ ᠶᠡᠬᠡ ᠭᠣᠣᠯ ᠰᠡᠳᠦᠪ᠎ᠦᠨ ᠲᠣᠭᠣᠷᠢᠨ᠎ᠳᠤ ᠦᠨᠳᠦᠰᠦᠨ ᠱᠠᠲᠤᠨ᠎ᠤ ᠡᠮᠦᠨ᠎ᠡ ᠹᠷᠣᠨᠲ᠂ ᠠᠵᠤ ᠦᠢᠯᠡᠰ᠎ᠦᠨ ᠬᠣᠰᠢᠭᠤᠷᠠᠯ᠂ ᠬᠢᠯᠢ᠎ᠶᠢᠨ ᠪᠣᠭᠣᠮᠲᠠ᠎ᠳᠤ ᠭᠦᠨᠵᠡᠭᠡᠢᠷᠡᠨ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠵᠦ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠂ ᠵᠠᠰᠠᠭ᠎ᠤᠨ ᠶᠠᠪᠤᠳᠠᠯ᠎ᠢ ᠵᠥᠪᠯᠡᠬᠦ ᠰᠠᠨᠠᠭᠤᠯᠭ᠎ᠠ᠂ ᠮᠡᠷᠭᠡᠵᠢᠯ᠎ᠦᠨ ᠦᠢᠯᠡᠴᠢᠯᠡᠭᠡ ᠬᠠᠨᠭᠭᠠᠬᠤ ᠵᠡᠷᠭᠡ ᠡᠯᠪᠡᠭ ᠳᠡᠯᠪᠡᠭ ᠦᠷ᠎ᠠ ᠪᠦᠲᠦᠭᠡᠯ ᠤᠯᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠰᠢᠯᠢᠳᠡᠭ ᠦᠢᠯᠡᠳᠦᠯᠭᠡ᠎ᠶᠢᠨ ᠪᠦᠯᠬᠦᠮ᠂ ᠭᠡᠰᠢᠭᠦᠳ᠂ ᠵᠢᠭᠠᠨ ᠵᠢᠯᠣᠭᠣᠳᠤᠭ᠍ᠴᠢ ᠪᠠᠭ᠍ᠰᠢ᠎ᠶᠢᠨ ᠲᠥᠯᠥᠭᠡᠯᠡᠭᠴᠢ ᠳᠡᠰ ᠳᠠᠷᠠᠭ᠎ᠠ᠎ᠲᠠᠢ᠎ᠪᠠᠷ ᠲᠠᠢᠰᠠᠨ᠎ᠳᠤ ᠭᠠᠷᠴᠤ᠂ ᠦᠨᠳᠦᠰᠦᠨ ᠱᠠᠲᠤᠨ᠎ᠳᠤ ᠦᠨᠳᠦᠰᠦᠯᠡᠭᠰᠡᠨ ᠦᠨᠡᠨ ᠪᠣᠳᠠᠲᠠᠢ ᠣᠢᠯᠠᠭᠠᠯᠲᠠ ᠪᠣᠯᠣᠨ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ ᠬᠦᠰᠡᠯᠡᠩ ᠬᠥᠭᠡᠭᠡᠴᠡᠯᠳᠦᠯ᠎ᠢᠶᠡᠨ ᠬᠤᠪᠢᠶᠠᠯᠴᠠᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠵᠠᠯᠠᠭᠤᠴᠤᠳ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠲᠦ ᠣᠷᠣᠯᠴᠠᠬᠤ ᠡᠭᠦᠷᠭᠡ ᠬᠠᠷᠢᠭᠤᠴᠠᠯᠭ᠎ᠠ ᠶ᠋ᠢ ᠠᠮᠢᠳᠤᠯᠢᠭ᠋᠎ᠢᠶᠠᠷ ᠢᠯᠡᠷᠡᠭᠦᠯᠪᠡ᠃ ᠠᠵᠢᠯᠯᠠᠭ᠎ᠠ᠎ᠳᠤ ᠪᠠᠰᠠ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠣᠷᠢᠭ᠋ ᠭᠠᠷᠭᠠᠵᠤ᠂ ᠵᠢᠷᠭᠤᠭᠠᠨ ᠶᠡᠬᠡ ᠭᠣᠣᠯ ᠰᠡᠳᠦᠪᠲᠦ ᠦᠢᠯᠡᠳᠦᠯᠭᠡ᠎ᠶᠢᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠰᠣᠯᠢᠯᠴᠠᠭ᠎ᠠ ᠬᠢᠵᠦ ᠬᠠᠮᠲᠤ ᠪᠠᠷ ᠤᠷᠤᠭᠰᠢᠯᠠᠬᠤ ᠲᠠᠪᠴᠠᠩ ᠪᠠᠢᠭᠤᠯᠵᠤ᠂ ᠦᠢᠯᠡᠳᠦᠯᠭᠡ᠎ᠶᠢᠨ ᠦᠷ᠎ᠡ ᠪᠦᠲᠦᠭᠡᠯ᠎ᠢ ᠦᠵᠡᠮᠦᠷᠢ᠎ᠲᠠᠢ᠂ ᠲᠥᠷᠥᠭᠳᠡᠯ ᠲᠠᠢ᠂ ᠰᠤᠷᠤᠯᠴᠠᠵᠤ ᠪᠣᠯᠬᠤ ᠪᠣᠯᠭᠠᠪᠠ᠃
ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠳᠠᠨᠢᠯᠴᠠᠭᠤᠯᠤᠭᠰᠠᠨ ᠵᠢᠡᠷ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ 《ᠦᠵᠡᠯ ᠰᠠᠨᠠᠭ᠎ᠠ ᠤᠯᠤᠰ ᠲᠥᠷᠥ᠎ᠶᠢᠨ ᠶᠡᠬᠡ ᠬᠢᠴᠢᠶᠡᠯ》᠎ᠦᠨ ᠦᠢᠯᠡᠳᠦᠯᠭᠡ᠎ᠪᠡᠷ ᠬᠥᠮᠥᠨ ᠬᠥᠮᠥᠵᠢᠭᠦᠯᠬᠦ ᠰᠢᠰᠲᠧᠮ᠎ᠢ ᠦᠷᠭᠦᠯᠵᠢᠯᠡᠨ ᠪᠠᠢᠭᠤᠯᠵᠤ᠂ ᠦᠢᠯᠡᠳᠦᠯᠭᠡ᠎ᠪᠡᠷ ᠬᠥᠮᠥᠨ ᠬᠥᠮᠥᠵᠢᠭᠦᠯᠬᠦ᠎ᠶᠢᠨ ᠶᠣᠰᠣ᠌ ᠰᠤᠷᠲᠠᠬᠤᠨ᠎ᠢ ᠪᠤᠢ ᠪᠣᠯᠭᠠᠵᠤ᠂ ᠬᠥᠮᠥᠨ ᠬᠥᠮᠥᠵᠢᠭᠦᠯᠬᠦ ᠳᠤᠮᠳᠠᠬᠢ ᠴᠢᠬᠤᠯᠠ ᠦᠢᠯᠡᠳᠦᠯ ᠢ᠋ ᠪᠠᠲᠤ ᠡᠵᠡᠮᠳᠡᠵᠦ᠂ ᠦᠵᠦ ᠲᠥᠯᠥᠪᠯᠡᠭᠡ᠎ᠶᠢ ᠲᠠᠰᠤᠷᠠᠯᠳᠡ ᠦᠭᠡᠢ ᠴᠢᠩᠭᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠬᠡᠷᠡᠭᠴᠡᠭᠡ᠎ᠳ᠋ᠤ ᠬᠠᠨᠳᠤᠭᠤᠯᠤᠨ᠂ ᠰᠤᠷᠭᠠᠭᠤᠯᠢ ᠪᠠ ᠣᠷᠣᠨ ᠨᠤᠲᠤᠭ᠎ᠤᠨ ᠬᠠᠮᠵᠢᠯᠴᠠᠨ ᠬᠠᠮᠲᠤᠷᠠᠯᠴᠠᠬᠤ᠎ᠶᠢ ᠭᠦᠨᠵᠡᠭᠡᠢᠷᠡᠭᠦᠯᠵᠦ᠂ ᠣᠨᠴᠠᠯᠢᠭ᠍ᠲᠤ ᠵᠢᠱ᠌ᠢᠶ᠎ᠡ ᠦᠵᠡᠭᠦᠯᠬᠦ ᠲᠦᠷᠦᠯ ᠵᠦᠢᠯ᠎ᠢ ᠪᠣᠢᠵᠢᠭᠤᠯᠵᠤ᠂ ᠦᠢᠯᠡᠳᠦᠯᠭᠡ᠎ᠶᠢᠨ ᠠᠮᠤᠷ ᠲᠦᠪᠰᠢᠨ ᠤ᠋ ᠬᠣᠷᠢᠭ᠎ᠠ ᠱᠤᠭᠤᠮ᠎ᠢ ᠪᠠᠲᠤ ᠰᠠᠬᠢᠵᠤ᠂ ᠦᠢᠯᠡᠳᠦᠯᠭᠡ᠎ᠶᠢᠨ ᠦᠷ᠎ᠡ ᠪᠦᠲᠦᠭᠡᠯ᠎ᠢ ᠦᠷᠭᠦᠯᠵᠢᠯᠡᠨ ᠬᠥᠮᠥᠨ ᠬᠥᠮᠥᠵᠢᠭᠦᠯᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠮᠣᠷᠠᠯ ᠴᠢᠳᠠᠪᠤᠷᠢ ᠬᠣᠣᠰᠯᠠᠭᠰᠠᠨ᠂ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠴᠠᠭ ᠦᠶ᠎ᠡ᠎ᠶᠢᠨ ᠰᠢᠨ᠎ᠡ ᠬᠥᠮᠥᠨ᠎ᠢ ᠲᠠᠰᠤᠷᠠᠯᠳᠡ ᠦᠭᠡᠢ ᠬᠥᠮᠥᠵᠢᠭᠦᠯᠦᠨ᠎ᠡ ᠭᠡᠪᠡ᠃
ᠢᠷᠡᠯᠳᠡ᠄ ᠤᠮᠠᠷᠠᠲᠤ ᠵᠢᠨ ᠰᠦᠯᠵᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠮᠥᠩᠬᠡᠪᠠᠶᠠᠷ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃