2026-10-28 10:46:29
ᠥᠪᠥᠷ ᠮᠣᠩᠭᠣᠯ᠎ᠤᠨ ᠠᠩᠬᠠᠳᠠᠭ᠍ᠴᠢ ᠠᠮᠤᠷ ᠲᠦᠪᠰᠢᠨ᠎ᠦ ᠬᠥᠮᠦᠵᠢᠯ᠎ᠦᠨ ᠭᠣᠣᠯ ᠰᠡᠳᠦᠪᠲᠦ ᠰᠢᠷᠢᠰ ᠪᠢᠴᠢᠯ ᠺᠢᠨᠣ᠋ 《ᠵᠠᠯᠠᠭᠤ ᠨᠠᠰᠤᠨ᠎ᠤ ᠰᠡᠷᠭᠡᠢᠯᠡᠯᠲᠡ᠎ᠶᠢᠨ ᠱᠤᠭᠤᠮ》 ᠲᠦᠷᠦᠬᠦᠬᠡᠨ ᠤᠯᠤᠰ᠎ᠤᠨ ᠠᠮᠤᠷ ᠲᠦᠪᠰᠢᠨ᠎ᠤ ᠬᠦᠮᠦᠵᠢᠯ᠎ᠤᠨ ᠰᠤᠷᠭᠠᠭᠤᠯᠢ᠎ᠶᠢᠨ ᠬᠦᠷᠢᠶᠡᠨ᠎ᠦ ᠡᠳᠦᠷ᠎ᠦᠨ ᠭᠣᠣᠯ ᠰᠡᠳᠦᠪᠲᠦ ᠠᠵᠢᠯᠯᠠᠭ᠎ᠠ ᠳᠡᠭᠡᠷ᠎ᠡ ᠦᠵᠡᠭᠴᠢᠳ ᠲᠠᠢ ᠠᠩᠬ᠎ᠠ ᠵᠤᠯᠭᠠᠪᠠ᠃ ᠲᠤᠰ ᠰᠢᠷᠢᠰ ᠪᠢᠴᠢᠯ ᠺᠢᠨᠣ᠋᠎ᠶᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠥᠪᠥᠷ ᠮᠣᠩᠭᠣᠯ᠎ᠤᠨ ᠲᠣᠭᠠᠴᠢᠯᠠᠭᠰᠠᠨ ᠰᠣᠶᠣᠯ ᠲᠠᠭᠤ ᠳᠦᠷᠰᠦ ᠰᠢᠩᠭᠡᠭᠡᠯᠲᠡ᠎ᠶᠢᠨ ᠬᠡᠪᠯᠡᠯ᠎ᠦᠨ ᠬᠣᠷᠢᠶ᠎ᠠ᠎ᠶᠢᠨ ᠬᠢᠵᠠᠭᠠᠷᠲᠤ ᠺᠣᠮᠫᠠᠨᠢ᠎ᠲᠠᠢ ᠬᠠᠮᠲᠤᠷᠠᠨ ᠰᠢᠩᠬᠡᠬᠡᠨ ᠦᠢᠯᠡᠳᠴᠡᠢ᠃ ᠡᠨᠡ ᠪᠤᠯ ᠥᠪᠥᠷ ᠮᠣᠩᠭᠣᠯ᠎ᠤᠨ ᠠᠮᠤᠷ ᠲᠦᠪᠰᠢᠨ᠎ᠦ ᠬᠥᠮᠦᠵᠢᠯ᠎ᠦᠨ ᠬᠡᠯᠪᠡᠷᠢ᠎ᠶᠢᠨ ᠰᠢᠨ᠎ᠡ᠎ᠶᠢ ᠡᠭᠦᠳᠬᠦ᠂ ᠬᠥᠮᠥᠨ᠎ᠢ ᠬᠥᠮᠥᠵᠢᠭᠦᠯᠬᠦ ᠵᠢᠭ᠍ᠰᠠᠭᠠᠯ᠎ᠤᠨ ᠭᠠᠵᠠᠷ ᠢ᠋ ᠥᠷᠭᠡᠳᠬᠡᠬᠦ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠶᠢᠨ ᠴᠢᠬᠤᠯᠠ ᠠᠷᠭ᠎ᠠ ᠪᠠᠷᠢᠯ ᠪᠠᠢᠵᠤ᠂ ᠠᠮᠤᠷ ᠠᠮᠤᠭᠤᠯᠠᠩ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢ ᠠᠬᠢᠭᠤᠯᠬᠤ ᠠᠮᠢᠳᠤᠯᠢᠭ᠋ ᠦᠢᠯᠡᠳᠦᠯᠭᠡ ᠪᠤᠯᠤᠨ᠎ᠠ᠃
ᠣᠢᠯᠠᠭᠠᠭᠰᠠᠨ᠎ᠢᠶᠠᠷ᠂ ᠣᠳᠣᠬᠠᠨ᠎ᠳᠤ ᠵᠠᠯᠠᠭᠤᠴᠤᠳ ᠪᠠᠭᠠᠴᠤᠳ᠎ᠤᠨ ᠠᠮᠤᠷ ᠲᠦᠪᠰᠢᠨ᠎ᠦ ᠬᠥᠮᠦᠵᠢᠯ᠎ᠳᠦ ᠰᠢᠨ᠎ᠡ ᠪᠠᠢᠳᠠᠯ᠂ ᠰᠢᠨ᠎ᠡ ᠥᠷᠢᠰᠦᠯᠳᠦᠭᠡᠨ ᠲᠤᠯᠭᠠᠷᠠᠵᠤ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠂ ᠰᠦᠯᠵᠢᠶᠡᠨ᠎ᠦ ᠮᠡᠬᠡᠯᠡᠯ ᠵᠡᠷᠭᠡ ᠡᠯ᠎ᠡ ᠲᠥᠷᠥᠯ᠎ᠦᠨ ᠠᠶᠤᠯ ᠲᠦᠭᠰᠢᠭᠦᠷᠢ ᠰᠣᠯᠪᠢᠴᠠᠨ᠂ ᠤᠯᠠᠮᠵᠢᠯᠠᠯᠲᠤ ᠮᠠᠶᠢᠭ᠋᠎ᠤᠨ᠂ ᠰᠤᠷᠲᠠᠯᠴᠢᠯᠠᠬᠤ ᠮᠠᠶᠢᠭ᠋᠎ᠤᠨ ᠬᠥᠮᠦᠵᠢᠯ ᠨᠢ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠣᠨᠴᠠᠯᠢᠭ᠋ ᠪᠠ ᠦᠰᠦᠨ ᠪᠣᠶ᠋ᠢᠵᠢᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠳᠤ ᠲᠣᠬᠢᠷᠠᠬᠤ ᠦᠬᠡᠢ ᠪᠤᠯᠪᠠ᠃ ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ᠎ᠶᠢᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠎ᠦᠨ ᠠᠴᠢᠶᠠᠯᠠᠪᠤᠷᠢ᠎ᠶᠢᠨ ᠰᠢᠨ᠎ᠡ᠎ᠶᠢ ᠡᠭᠦᠳᠴᠦ᠂ ᠬᠥᠮᠥᠨ ᠢ᠋ ᠬᠥᠮᠥᠵᠢᠭᠦᠯᠬᠦ ᠠᠷᠭ᠎ᠠ ᠬᠡᠯᠪᠡᠷᠢ᠎ᠵᠢ ᠬᠤᠪᠢᠷᠠᠭᠤᠯᠬᠤ ᠵᠢᠨ ᠲᠦᠯᠦᠭᠡ ᠲᠤᠰ ᠰᠢᠷᠢᠰ ᠪᠢᠴᠢᠯ ᠺᠢᠨᠣ᠋ ᠵᠢ ᠰᠡᠬᠦᠳᠡᠷᠯᠡᠨ ᠦᠢᠯᠡᠳᠦᠭᠰᠡᠨ ᠪᠠᠢᠨ᠎ᠠ᠃ ᠪᠢᠴᠢᠯ ᠺᠢᠨᠣ᠋ ᠨᠢ ᠰᠤᠷᠭᠠᠭᠤᠯᠢ᠎ᠶᠢᠨ ᠬᠦᠷᠢᠶᠡᠨ᠎ᠦ ᠦᠨᠡᠨ ᠪᠣᠳᠠᠲᠠᠢ ᠠᠬᠤᠢ ᠪᠠᠢᠳᠠᠯ᠎ᠳᠤ ᠠᠩᠬᠠᠷᠤᠯ᠎ᠢᠶᠠᠨ ᠬᠠᠨᠳᠤᠭᠤᠯᠵᠤ᠂ ᠰᠤᠷᠤᠭ᠍ᠴᠢᠳ᠎ᠤᠨ ᠡᠳᠦᠷ ᠲᠤᠲᠤᠮ᠎ᠤᠨ ᠠᠮᠢᠳᠤᠷᠠᠯ᠎ᠲᠠᠢ ᠤᠢᠷᠠᠳᠤᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠮᠤᠷ ᠲᠦᠪᠰᠢᠨ᠎ᠢ ᠴᠢᠩᠭ᠎ᠠ ᠰᠠᠬᠢᠬᠤ᠂ ᠬᠣᠣᠷᠲᠤ ᠡᠳ᠋᠎ᠦᠨ ᠶᠠᠯᠠᠲᠤ ᠠᠵᠢᠯᠯᠠᠭ᠎ᠠ᠎ᠶᠢ ᠰᠡᠷᠭᠡᠢᠯᠡᠬᠦ᠂ ᠰᠦᠯᠵᠢᠶᠡᠨ᠎ᠦ ᠠᠮᠤᠷ ᠲᠦᠪᠰᠢᠨ᠎ᠢ ᠴᠢᠩᠭᠠᠳᠬᠠᠬᠤ ᠵᠡᠷᠭᠡ 14 ᠭᠤᠤᠯ ᠰᠡᠳᠦᠪ᠎ᠢ ᠬᠠᠮᠤᠷᠴᠦ᠂ ᠪᠡᠶᠡᠴᠢᠯᠡᠨ ᠤᠢᠯᠠᠭᠠᠬᠤ ᠮᠠᠶᠢᠭ᠎ᠤᠨ᠂ ᠦᠯᠢᠭᠡᠷᠴᠢᠯᠡᠭᠰᠡᠨ ᠬᠡᠯᠪᠡᠷᠢ᠎ᠪᠡᠷ ᠳᠠᠮᠵᠢᠭᠤᠯᠵᠤ ᠂ ᠬᠡᠢᠰᠪᠦᠷᠢ ᠠᠮᠤᠷ ᠲᠦᠪᠰᠢᠨ᠎ᠦ ᠮᠡᠳᠡᠯᠭᠡ᠂ ᠬᠠᠤᠯᠢ ᠵᠢᠨ ᠮᠡᠳᠡᠯᠬᠡ ᠵᠢ ᠠᠮᠢᠳᠤ ᠲᠦᠷᠰᠦᠯᠢᠭ ᠰᠢᠨ᠎ᠡ ᠰᠣᠷᠭᠣᠭ ᠬᠡᠷᠡᠭ᠎ᠦᠨ ᠵᠢᠱ᠌ᠢᠶ᠎ᠡ ᠪᠣᠯᠭᠠᠨ ᠬᠤᠪᠢᠷᠠᠭᠤᠯᠵᠤ᠂ ᠵᠠᠯᠠᠭᠤᠴᠤᠳ᠎ᠤᠨ ᠬᠠᠷᠠᠭᠠᠰᠤ ᠡᠴᠡ ᠰᠤᠷᠭᠠᠭᠤᠯᠢ᠎ᠶᠢᠨ ᠬᠦᠷᠢᠶᠡᠨ᠎ᠦ ᠦᠯᠢᠭᠡᠷ᠎ᠢ ᠶᠠᠷᠢᠵᠤ ᠂ ᠣᠶᠤᠲᠠᠳ᠎ᠤᠨ ᠦᠰᠦᠨ ᠪᠣᠢᠵᠢᠯᠳᠠ ᠵᠢᠨ ᠶᠠᠪᠤᠴᠠ᠎ᠳ᠋ᠤ ᠳᠤᠬᠢᠶᠠᠯᠳᠤᠵᠤ ᠮᠡᠳᠡᠬᠦ ᠠᠮᠤᠷ ᠲᠦᠪᠰᠢᠨ᠎ᠦ ᠲᠦᠭᠰᠢᠭᠦᠷᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠠᠮᠤᠷ ᠲᠦᠪᠰᠢᠨ᠎ᠦ ᠣᠢᠯᠠᠭᠠᠭᠳᠠᠬᠤᠨ᠎ᠢ ᠰᠤᠷᠤᠭᠴᠢᠳ᠎ᠤᠨ ᠰᠡᠳᠬᠢᠯ᠎ᠳᠦ ᠭᠦᠨ ᠬᠠᠳᠠᠩᠰᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃