2026-11-01 14:55:03
ᠣᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ ᠭᠤᠷᠪᠠᠳᠤᠭᠠᠷ ᠪᠦᠯᠦᠭ᠎ᠦᠨ ᠪᠥᠬᠥ ᠤᠯᠤᠰ᠎ᠤᠨ ᠰᠤᠷᠤᠯᠴᠠᠬᠤ ᠬᠡᠯᠪᠡᠷᠢ᠎ᠶᠢᠨ ᠬᠣᠲᠠ᠎ᠶᠢᠨ ᠨᠡᠷᠡᠰ᠎ᠢ ᠨᠡᠢᠲᠡᠯᠡᠵᠦ᠂ ᠮᠠᠨ᠎ᠤ ᠤᠷᠤᠨ᠎ᠤ ᠬᠥᠬᠡᠬᠣᠲᠠ᠂ ᠬᠥᠯᠥᠨ ᠪᠣᠶ᠋ᠢᠷ ᠬᠣᠲᠠ᠂ ᠬᠢᠩᠭᠠᠨ ᠠᠢᠮᠠᠭ᠂ ᠤᠯᠠᠭᠠᠨᠬᠠᠳᠠ ᠬᠣᠲᠠ ᠰᠣᠩᠭᠣᠭᠳᠠᠪᠠ᠃ ᠡᠬᠦᠨ ᠡᠴᠡ ᠡᠮᠦᠨ᠎ᠡ ᠬᠣᠶᠠᠳᠤᠭᠠᠷ ᠪᠦᠯᠦᠭ᠎ᠲᠦ ᠰᠣᠩᠭᠣᠭᠳᠠᠭᠰᠠᠨ ᠪᠤᠭᠤᠲᠤ ᠬᠣᠲᠠ᠂ ᠦᠬᠠᠢ ᠬᠣᠲᠠ ᠵᠢ ᠨᠡᠮᠡᠪᠡᠯ ᠦᠪᠦᠷ ᠮᠤᠩᠭᠤᠯ᠎ᠤᠨ ᠨᠡᠢᠳᠡ 6 ᠠᠢᠮᠠᠭ ᠬᠣᠲᠠ ᠪᠥᠬᠥ ᠤᠯᠤᠰ᠎ᠤᠨ ᠰᠤᠷᠤᠯᠴᠠᠬᠤ ᠬᠡᠯᠪᠡᠷᠢ᠎ᠶᠢᠨ ᠬᠣᠲᠠ᠎ᠪᠡᠷ ᠰᠣᠩᠭᠣᠭᠳᠠᠭᠰᠠᠨ ᠪᠠᠢᠨ᠎ᠠ᠃
ᠣᠢᠷ᠎ᠠ᠎ᠶᠢᠨ ᠵᠢᠯ᠎ᠦᠳ᠎ᠲᠦ᠂ ᠮᠠᠨ᠎ᠤ ᠣᠷᠣᠨ᠎ᠤ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ ᠪᠠᠢᠭᠤᠯᠤᠯᠲᠠ᠎ᠶᠢ ᠶᠡᠬᠡ ᠪᠡᠷ ᠠᠬᠢᠭᠤᠯᠤᠨ ᠂ ᠰᠤᠷᠤᠯᠴᠠᠬᠤ ᠬᠡᠯᠪᠡᠷᠢ ᠵᠢᠨ ᠨᠡᠢᠭᠡᠮ᠎ᠢ ᠪᠠᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠨᠡᠢᠳᠡᠮ ᠬᠡᠷᠡᠭᠵᠢᠭᠦᠯᠵᠦ ᠪᠣᠯᠬᠤᠢᠴᠠ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠢ᠋ ᠪᠥᠬᠥ ᠲᠠᠯ᠎ᠠ᠎ᠪᠠᠷ ᠪᠠᠢᠭᠤᠯᠪᠠ᠃ ᠮᠠᠨ᠎ᠤ ᠣᠷᠣᠨ ᠪᠥᠬᠥ ᠤᠯᠤᠰ᠎ᠲᠤ ᠡᠩ ᠲᠡᠷᠢᠭᠦᠨ᠎ᠳᠦ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠵᠠᠷᠤᠳᠠᠯ᠎ᠢ ᠮᠤᠵᠢ᠎ᠶᠢᠨ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠲᠦ ᠣᠷᠣᠭᠤᠯᠬᠤ᠎ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ᠎ᠡᠴᠡ ᠬᠠᠮᠲᠤᠷᠠᠨ ᠲᠤᠰᠬᠠᠢ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ᠎ᠶᠢ ᠨᠡᠢᠲᠡᠯᠡᠵᠦ᠂ 2024 ᠣᠨ᠂ 2025 ᠣᠨ᠎ᠳᠤ᠂ ᠡᠳ᠋᠎ᠦᠨ ᠵᠠᠰᠠᠭ᠎ᠤᠨ ᠲᠢᠩᠬᠢᠮ᠎ᠡᠴᠡ ᠵᠢᠯ ᠪᠦᠷᠢ ᠨᠠᠰᠤᠲᠠᠢᠴᠤᠳ᠎ᠤᠨ ᠰᠤᠷᠭᠠᠨ ᠬᠥᠮᠦᠵᠢᠯ᠂ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠵᠠᠷᠤᠳᠠᠯ᠎ᠢ 4800 ᠲᠦᠮᠡᠨ ᠲᠥᠭᠥᠷᠢᠭ ᠳᠤᠬᠢᠷᠠᠭᠤᠯᠪᠠ; 2026 ᠣᠨ᠎ᠳᠤ 4500 ᠲᠦᠮᠡᠨ ᠲᠥᠭᠥᠷᠢᠭ᠎ᠦᠨ ᠵᠠᠷᠤᠳᠠᠯᠭᠠᠷᠭᠠᠵᠤ ᠪᠠᠲᠤᠯᠠᠭ᠎ᠠ᠎ᠶᠢᠨ ᠳᠤᠭᠳᠠᠴᠠ ᠵᠢ ᠦᠷᠬᠦᠯᠵᠢᠯᠡᠬᠦᠯᠵᠦ᠂ ᠨᠠᠰᠤᠲᠠᠢᠴᠤᠳ᠎ᠤᠨ ᠰᠤᠷᠭᠠᠨ ᠬᠥᠮᠦᠵᠢᠯ᠂ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠ᠋ᠴᠠ ᠥᠪᠥᠷ ᠮᠣᠩᠭᠣᠯ᠎ᠤᠨ ᠨᠡᠭᠡᠭᠡᠯᠲᠡᠲᠤ ᠶᠡᠬᠡ ᠰᠤᠷᠭᠠᠭᠤᠯᠢ᠎ᠳᠤ ᠲᠦᠰᠢᠭᠯᠡᠨ ᠥᠪᠥᠷ ᠮᠣᠩᠭᠣᠯ᠎ᠤᠨ ᠬᠣᠲᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠶᠡᠬᠡ ᠰᠤᠷᠭᠠᠭᠤᠯᠢ ᠪᠠ ᠥᠪᠥᠷ ᠮᠣᠩᠭᠣᠯ᠎ᠤᠨ ᠨᠠᠰᠤᠲᠠᠢᠴᠤᠳ᠎ᠤᠨ ᠨᠡᠭᠡᠭᠡᠯᠲᠡᠲᠤ ᠶᠡᠬᠡ ᠰᠤᠷᠭᠠᠭᠤᠯᠢ᠎ᠶᠢ ᠪᠠᠢᠭᠤᠯᠪᠠ᠃ ᠣᠳᠣᠬᠠᠨ᠎ᠳᠤ᠂ ᠪᠥᠬᠥ ᠣᠷᠣᠨ᠎ᠳᠤ ᠬᠣᠰᠢᠭᠤ ᠰᠢᠶᠠᠨ᠎ᠤ ᠱᠠᠲᠤᠨ ᠠ᠋ᠴᠠ ᠳᠡᠭᠡᠭᠰᠢᠬᠢ ᠭᠠᠵᠠᠷ ᠣᠷᠣᠨ᠎ᠳᠤ ᠨᠠᠰᠤᠲᠠᠢᠴᠤᠳ᠎ᠤᠨ ᠶᠡᠬᠡ ᠰᠤᠷᠭᠠᠭᠤᠯᠢ (ᠰᠤᠷᠭᠠᠭᠤᠯᠢ) ᠵᠢ 164 ᠪᠠᠢᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ᠋) ᠳ᠋ᠤ ᠨᠠᠰᠤᠲᠠᠢᠴᠤᠳ᠎ᠤᠨ ᠶᠡᠬᠡ ᠰᠤᠷᠭᠠᠭᠤᠯᠢ ᠵᠢ ᠪᠦᠬᠦᠨ᠎ᠢ ᠪᠦᠷᠬᠦᠬᠦᠯᠬᠦ ᠵᠢ ᠪᠡᠶᠡᠯᠡᠭᠦᠯᠪᠡ᠃ 2026 ᠣᠨ᠎ᠳᠤ᠂ ᠰᠢᠶᠠᠩ ᠪᠠᠯᠭᠠᠰᠤᠨ᠎ᠳ᠋ᠤ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠬᠤ ᠴᠡᠭ᠎ᠢ ᠪᠦᠬᠦᠨ᠎ᠢ ᠪᠦᠷᠬᠦᠬᠦᠯᠬᠦ ᠢᠨᠵᠧᠨᠧᠷᠢᠩ᠎ᠢ ᠡᠬᠢᠯᠡᠭᠦᠯᠵᠦ᠂ ᠴᠢᠨᠠᠷ ᠰᠠᠢᠲᠠᠢ ᠨᠠᠰᠤᠲᠠᠢᠴᠤᠳ᠎ᠤᠨ ᠰᠤᠷᠭᠠᠨ ᠬᠥᠮᠦᠵᠢᠯ᠂ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠦᠨᠳᠦᠰᠦᠨ ᠱᠠᠲᠤ ᠳᠠᠢᠰᠢ ᠤᠷᠲᠤᠳᠬᠠᠬᠤ᠎ᠶᠢ ᠠᠬᠢᠭᠤᠯᠪᠠ᠃ 4 ᠰᠠᠯᠠᠭ᠎ᠠ ᠮᠥᠴᠢᠷ ᠬᠦᠴᠦ᠎ᠪᠡᠨ ᠬᠠᠮᠲᠤᠳᠬᠠᠨ 91 ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠨᠠᠰᠤᠲᠠᠢᠴᠤᠳ᠎ᠤᠨ ᠰᠤᠷᠭᠠᠨ ᠬᠥᠮᠦᠵᠢᠯ᠂ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠴᠡᠭ᠎ᠢ ᠪᠠᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃