2026-11-02 10:52:27
— 《ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠪᠤᠭᠤᠮᠳᠠ ᠰᠢᠪᠳᠤᠯᠤᠯᠳᠠ· ᠶᠡᠬᠡ ᠳᠡᠬᠡᠳᠤ ᠰᠤᠷᠭᠠᠭᠤᠯᠢ ᠬᠦᠴᠦᠨ ᠨᠡᠮᠡᠷᠢᠯᠡᠨᠡᠮ》 ᠰᠢᠷᠢᠰ ᠮᠡᠳᠡᠭᠡᠯᠡᠯ (ᠨᠢᠬᠡ)
ᠨᠠᠢᠷᠠᠭᠤᠯᠤᠭᠴᠢ ᠵᠢᠨ ᠦᠬᠡ᠄
ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠵᠢ ᠡᠬᠦᠳᠬᠦ ᠪᠤᠯ ᠴᠢᠨᠠᠷ ᠰᠠᠢᠳᠠᠢ ᠬᠦᠭᠵᠢᠯᠳᠡ ᠵᠢᠨ ᠭᠤᠤᠯ ᠬᠦᠳᠡᠯᠬᠡᠬᠦ ᠬᠦᠴᠦᠨ᠂ ᠶᠡᠬᠡ ᠳᠡᠬᠡᠳᠤ ᠰᠤᠷᠭᠠᠭᠤᠯᠢ ᠪᠤᠯ ᠤᠷᠤᠨ ᠪᠦᠰᠡ ᠵᠢᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠪᠤᠭᠤᠮᠳᠠ ᠰᠢᠪᠳᠤᠯᠤᠯᠳᠠ ᠵᠢᠨ ᠭᠤᠤᠯ ᠵᠢᠭᠰᠠᠭᠠᠯ᠎ᠤᠨ ᠭᠠᠵᠠᠷ ᠪᠤᠯᠬᠤ ᠶᠤᠮ᠃ ᠤᠳᠤᠬᠠᠨ ᠳ᠋ᠤ ᠦᠪᠦᠷ ᠮᠤᠩᠭᠤᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 《ᠪᠤᠭᠤᠮᠳᠠ ᠰᠢᠪᠳᠤᠯᠬᠤ》 ᠢᠨᠵᠧᠨᠧᠷᠢᠩ᠎ᠢ ᠯᠠᠪᠳᠠᠭᠤᠨ᠎ᠢᠶᠠᠷ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠦᠬᠦ ᠬᠦᠴᠦᠨ ᠵᠢᠡᠷ ᠪᠤᠢᠵᠢᠭᠤᠯᠵᠤ᠂ ᠤᠳᠤᠬᠢᠴᠢᠯᠠᠭᠰᠠᠨ ᠦᠪᠦᠷ ᠮᠤᠩᠭᠤᠯ᠎ᠤᠨ ᠪᠦᠳᠦᠬᠡᠨ ᠪᠠᠢᠭᠤᠯᠤᠯᠳᠠ ᠳ᠋ᠤ ᠬᠦᠴᠦᠨ ᠤᠯᠭᠤᠵᠤ ᠪᠠᠢᠭ᠎ᠠ ᠶᠤᠮ᠃ ᠮᠡᠨ᠎ᠤ ᠤᠷᠤᠨ᠎ᠤ ᠶᠡᠬᠡ ᠳᠡᠬᠡᠳᠤ ᠰᠤᠷᠭᠠᠭᠤᠯᠢ ᠨᠤᠭᠤᠳ ᠤᠯᠤᠰ᠎ᠤᠨ ᠪᠠᠢᠯᠳᠤᠬᠤ ᠪᠤᠳᠤᠯᠭ᠎ᠠ ᠪᠠ ᠦᠪᠡᠷᠳᠡᠬᠡᠨ ᠵᠠᠰᠠᠬᠤ ᠤᠷᠤᠨ᠎ᠤ ᠬᠦᠭᠵᠢᠯᠳᠡ ᠵᠢᠨ ᠶᠡᠬᠡ ᠪᠠᠢᠳᠠᠯ ᠯᠤᠭ᠎ᠠ ᠰᠠᠨᠠᠭᠠᠴᠢᠯᠠᠭ᠎ᠠ ᠡᠴᠡ ᠪᠠᠨ ᠵᠤᠯᠭᠠᠯᠴᠠᠵᠤ᠂ ᠰᠢᠨᠵᠢᠯᠡᠬᠡᠨ᠎ᠤ ᠰᠠᠯᠠᠭ᠎ᠠ ᠵᠢᠨ ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ᠎ᠤᠨ ᠡᠪᠡᠷᠰᠢᠶᠡᠯ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠮᠡᠷᠬᠡᠵᠢᠯ᠎ᠤᠨ ᠰᠢᠪᠳᠤᠯᠤᠯᠳᠠ ᠭᠠᠷᠭᠠᠨ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠰᠢᠨ᠎ᠡ ᠡᠬᠦᠳᠦᠯᠳᠡ ᠵᠢᠨ ᠭᠤᠤᠯ ᠬᠦᠴᠦᠨ ᠪᠤᠯᠵᠤ ᠪᠠᠢᠭ᠎ᠠ ᠶᠤᠮ᠃ ᠦᠨᠦᠳᠦᠷ᠎ᠡᠴᠡ ᠡᠬᠢᠯᠡᠨ ᠪᠢᠳᠡ 《ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠎ᠤᠨ ᠪᠤᠭᠤᠮᠳᠠ ᠰᠢᠪᠳᠤᠯᠤᠯᠳᠠ· ᠶᠡᠬᠡ ᠳᠡᠬᠡᠳᠤ ᠰᠤᠷᠭᠠᠭᠤᠯᠢ ᠬᠦᠴᠦᠨ ᠨᠡᠮᠡᠷᠢᠯᠡᠨᠡᠮ》 ᠰᠢᠷᠢᠰ ᠮᠡᠳᠡᠭᠡᠯᠡᠯ᠎ᠢ ᠡᠬᠢᠯᠡᠬᠦᠯᠵᠦ᠂ ᠮᠠᠨ᠎ᠤ ᠤᠷᠤᠨ᠎ᠤ ᠶᠡᠬᠡ ᠳᠡᠬᠡᠳᠤ ᠰᠤᠷᠭᠠᠭᠤᠯᠢ ᠵᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ ᠰᠢᠪᠳᠤᠯᠤᠯᠳᠠ᠂ ᠳᠠᠪᠴᠠᠩ᠎ᠤᠨ ᠪᠠᠢᠭᠤᠯᠤᠯᠳᠠ᠂ ᠴᠢᠳᠠᠪᠤᠷᠢᠳᠠᠨ᠎ᠢ ᠬᠦᠮᠦᠵᠢᠬᠦᠯᠬᠦ᠂ ᠰᠤᠳᠤᠯᠭᠠᠨ᠎ᠤ ᠦᠷ᠎ᠠ ᠪᠦᠳᠦᠬᠡᠯ᠎ᠢ ᠤᠨᠳᠤᠤᠰᠢᠭᠤᠯᠬᠤ ᠪᠤᠳᠠᠳᠤ ᠦᠢᠯᠡᠳᠦᠯᠬᠡ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠤᠨ ᠰᠢᠮᠳᠡᠨ ᠰᠤᠳᠤᠯᠵᠤ ᠰᠢᠯᠢᠳᠡᠭ ᠦᠷ᠎ᠠ ᠪᠦᠳᠦᠬᠡᠯ ᠭᠠᠷᠭᠠᠭᠰᠠᠨ ᠦᠯᠢᠬᠡᠷᠤᠳᠢ ᠬᠤᠪᠢᠶᠠᠯᠴᠠᠬᠤ ᠪᠤᠯᠤᠨ᠎ᠠ᠃
ᠠᠮᠤ ᠪᠤᠳᠠᠭᠠᠨ᠎ᠤ ᠠᠮᠤᠷ ᠲᠦᠪᠰᠢᠨ ᠪᠣᠯ 《ᠤᠯᠤᠰ᠎ᠤᠨ ᠲᠣᠮᠣ᠌ ᠶᠠᠪᠤᠳᠠᠯ》 ᠪᠤᠯᠤᠨ᠎ᠠ᠃ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠨᠢ ᠲᠠᠷᠢᠶᠠᠯᠠᠩ᠎ᠤᠨ ᠬᠦᠷᠢᠶᠡᠨ᠎ᠳᠡᠬᠢ 《ᠴᠢᠫ》 ᠪᠣᠯᠤᠭᠰᠠᠨ᠎ᠤ ᠬᠤᠪᠢ᠎ᠳᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠦᠷ᠎ᠡ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠪᠡᠶᠡᠯᠡᠭᠦᠯᠬᠦ᠎ᠶᠢᠨ ᠵᠠᠩᠭᠢᠯᠠᠭ᠎ᠠ ᠪᠤᠯᠳᠠᠭ᠃
ᠡᠷᠳᠡᠨᠢ ᠰᠢᠰᠢ ᠪᠣᠯ ᠥᠪᠥᠷ ᠮᠣᠩᠭᠣᠯ᠎ᠤᠨ ᠬᠠᠮᠤᠭ᠎ᠤᠨ ᠲᠣᠮᠣ᠌ ᠠᠮᠤ ᠪᠤᠳᠠᠭᠠᠨ᠎ᠤ ᠲᠠᠷᠢᠮᠠᠯ ᠮᠥᠨ᠂ ᠭᠡᠪᠡᠴᠦ ᠬᠡᠰᠡᠭ ᠥᠨᠳᠥᠷ ᠤᠨᠠᠯᠲᠠ᠎ᠲᠠᠢ ᠴᠢᠨᠠᠷ ᠰᠠᠢᠲᠠᠢ ᠦᠷ᠎ᠠ ᠨᠢ ᠣᠷᠳᠣ᠌ ᠬᠤᠭᠤᠴᠠᠭ᠎ᠠ᠎ᠪᠠᠷ ᠭᠠᠳᠠᠭᠠᠳᠤ᠎ᠳ᠋ᠤ ᠲᠦᠰᠢᠭᠯᠡᠵᠦ ᠪᠠᠢᠵᠠᠢ᠃ ᠥᠪᠥᠷ ᠮᠣᠩᠭᠣᠯ᠎ᠤᠨ ᠬᠦᠢᠲᠡᠨ ᠭᠠᠩ ᠬᠠᠭᠤᠷᠠᠢ ᠠᠭᠤᠷ ᠠᠮᠢᠰᠬᠤᠯ ᠬᠢᠭᠡᠳ ᠬᠥᠷᠥᠰᠥ ᠰᠢᠷᠣᠢ᠎ᠶᠢᠨ ᠬᠤᠵᠢᠷᠰᠢᠯ ᠨᠢ ᠡᠷᠳᠡᠨᠢ ᠰᠢᠰᠢ᠎ᠶᠢᠨ ᠤᠨᠠᠯᠲᠠ᠎ᠶᠢ ᠨᠥᠯᠥᠭᠡᠯᠡᠳᠡᠭ᠃ ᠡᠨᠡᠬᠦ ᠠᠮᠢ ᠠᠬᠤᠢ᠎ᠶᠢᠨ ᠣᠨᠴᠠᠯᠢᠭ᠋᠎ᠲᠤ ᠴᠢᠭᠯᠡᠭᠦᠯᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠷᠳᠡᠨᠢ ᠰᠢᠰᠢ᠎ᠶᠢᠨ ᠥᠨᠳᠥᠷ ᠤᠨᠠᠯᠲᠠ ᠥᠨᠳᠥᠷ ᠦᠷ᠎ᠡ ᠠᠰᠢᠭ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠦᠯᠬᠦᠮ᠎ᠦᠨ ᠡᠬᠦᠯᠳᠡᠷ ᠪᠣᠢᠵᠢᠭᠤᠯᠬᠤ ᠲᠤᠰᠬᠠᠢ ᠮᠡᠷᠭᠡᠵᠢᠯᠲᠡᠨ ᠯᠢ ᠢ ᠫᠦ ᠳᠡᠳ᠋ ᠫᠷᠤᠹᠧᠰᠰᠤᠷ ᠮᠣᠯᠧᠺᠦ᠋ᠯᠵᠢᠡᠷ ᠢᠯᠭᠠᠨ ᠳᠡᠮᠳᠡᠭᠯᠡᠬᠦ ᠬᠠᠪᠰᠤᠷᠤᠮᠵᠢ ᠡᠬᠦᠯᠳᠡᠷ ᠪᠣᠢᠵᠢᠭᠤᠯᠬᠤ ᠮᠡᠷᠭᠡᠵᠢᠯ᠎ᠢ ᠠᠰᠢᠭ᠍ᠯᠠᠵᠤ᠂ ᠡᠷᠲᠡ ᠪᠣᠯᠪᠠᠰᠤᠷᠠᠬᠤ ᠡᠷᠳᠡᠨᠢ ᠰᠢᠰᠢ᠎ᠶᠢᠨ ᠰᠢᠨ᠎ᠡ ᠡᠭᠦᠯᠳᠡᠷ᠎ᠢ ᠰᠣᠩᠭᠣᠨ ᠪᠣᠢᠵᠢᠭᠤᠯᠵᠤ᠂ ᠥᠪᠥᠷ ᠮᠣᠩᠭᠣᠯ᠎ᠤᠨ ᠬᠥᠯᠥᠨ ᠪᠤᠢ᠍ᠢᠷ᠎ᠤᠨ ᠳᠤᠯᠠᠭᠠᠨ᠎ᠤ ᠬᠡᠮᠵᠢᠶ᠎ᠡ ᠬᠦᠷᠦᠯᠴᠡᠬᠦ ᠦᠭᠡᠢ᠎ᠡᠴᠡ ᠪᠣᠯᠵᠤ ᠡᠷᠳᠡᠨᠢ ᠰᠢᠰᠢ ᠲᠠᠷᠢᠵᠤ ᠳᠡᠶ᠋ᠢᠯᠬᠦ ᠦᠭᠡᠢ ᠪᠠᠢᠭᠰᠠᠨ ᠲᠡᠦᠬᠡ᠎ᠶᠢ ᠬᠤᠪᠢᠷᠠᠭᠤᠯᠵᠤ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠵᠡᠢ᠃ ᠡᠭᠦᠨ᠎ᠦ ᠬᠠᠮᠲᠤ᠂ ᠭᠧᠨ ᠰᠢᠯᠵᠢᠭᠦᠯᠬᠦ᠂ ᠭᠧᠨ ᠨᠠᠢᠷᠠᠭᠤᠯᠬᠤ ᠮᠡᠷᠭᠡᠵᠢᠯ᠎ᠢ ᠠᠰᠢᠭ᠍ᠯᠠᠨ ᠡᠷᠳᠡᠨᠢ ᠰᠢᠰᠢ᠎ᠶᠢᠨ ᠭᠠᠩ᠎ᠳᠤ ᠳᠠᠭᠠᠭᠠᠮᠠᠭᠠᠢ᠂ ᠬᠤᠵᠢᠷ᠎ᠲᠤ ᠳᠠᠭᠠᠭᠠᠴᠠᠲᠠᠢ ᠮᠣᠯᠧᠺᠦ᠋ᠯ᠎ᠦᠨ ᠲᠣᠭᠲᠠᠴᠠ᠎ᠶᠢᠨ ᠰᠤᠳᠤᠯᠭᠠᠨ᠎ᠢ ᠦᠷᠨᠢᠬᠦᠯᠵᠡᠢ᠃ ᠪᠥᠬᠥ ᠭᠧᠨ᠎ᠦ ᠰᠣᠩᠭᠣᠯᠲᠠ᠂ ᠭᠠᠭᠴᠠ ᠳᠠᠬᠢᠨᠳᠤ ᠪᠡᠶᠡᠲᠦ ᠡᠭᠦᠯᠳᠡᠷ ᠪᠣᠢᠵᠢᠭᠤᠯᠬᠤ ᠮᠡᠷᠭᠡᠵᠢᠯ᠎ᠲᠠᠢ ᠤᠶᠠᠯᠳᠤᠭᠤᠯᠤᠨ᠂ ᠡᠷᠳᠡᠨᠢ ᠰᠢᠰᠢ᠎ᠶᠢᠨ ᠰᠢᠨ᠎ᠡ ᠡᠬᠦᠯᠳᠡᠷ᠎ᠢ ᠰᠣᠩᠭᠣᠨ ᠪᠣᠢᠵᠢᠭᠤᠯᠬᠤ ᠠᠬᠢᠴᠠ᠎ᠶᠢ ᠲᠦᠷᠭᠡᠳᠬᠡᠵᠦ᠂ ᠡᠬᠦᠯᠳᠡᠷ ᠪᠣᠢᠵᠢᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠣᠳᠣᠬᠠᠨ᠎ᠳᠤ ᠨᠢᠭᠡᠨᠲᠡ 6 ᠤᠷᠭᠤᠮᠠᠯ᠎ᠤᠨ ᠰᠢᠨ᠎ᠡ ᠡᠭᠦᠯᠳᠡᠷ᠎ᠦᠨ ᠳᠤᠰᠬᠠᠢ ᠠᠰᠢᠭ᠎ᠤᠨ ᠡᠷᠬᠡ᠎ᠶᠢ ᠭᠤᠶᠤᠴᠢᠯᠠᠵᠤ᠂ 3 ᠵᠦᠢᠯ᠎ᠦᠨ ᠲᠤᠰᠬᠠᠢ ᠠᠰᠢᠭ᠋᠎ᠤᠨ ᠡᠷᠬᠡ ᠵᠢ ᠤᠯᠵᠤ᠂ 5 ᠰᠢᠨ᠎ᠡ ᠡᠭᠦᠯᠳᠡᠷ᠎ᠦᠨ ᠰᠢᠰᠲᠧᠮ᠎ᠢ ᠥᠪᠥᠷ ᠮᠣᠩᠭᠣᠯ᠎ᠤᠨ ᠣᠷᠣᠨ ᠪᠦᠰᠡ᠎ᠳᠦ ᠲᠤᠷᠰᠢᠯᠲᠠ ᠬᠢᠯᠭᠡᠬᠦ᠎ᠪᠡᠷ ᠭᠤᠶᠤᠴᠢᠯᠠᠭᠰᠠᠨ ᠪᠠᠢᠨ᠎ᠠ᠃ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠤᠯᠤᠰ᠎ᠤᠨ ᠲᠠᠰ᠎ᠤᠨ ᠲᠥᠷᠥᠯ ᠵᠦᠢᠯ᠎ᠳᠦ ᠲᠦᠰᠢᠭᠯᠡᠨ᠂ ᠪᠦᠯᠬᠦᠮ ᠨᠡᠶ᠋ᠢᠲᠡ ᠨᠢ ᠪᠡᠭᠡᠵᠢᠩ ᠶᠡᠬᠡ ᠰᠤᠷᠭᠠᠭᠤᠯᠢ᠂ ᠪᠠᠷᠠᠭᠤᠨ ᠬᠣᠢᠲᠤ᠎ᠶᠢᠨ ᠲᠠᠷᠢᠶᠠᠯᠠᠩ ᠣᠶ ᠰᠢᠭᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠨᠢᠭᠡᠴᠢ ᠯᠦ᠍ᠭᠡ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠰᠠᠭᠤᠷᠢ ᠰᠤᠳᠤᠯᠭᠠᠨ᠎ᠢ ᠢᠳᠡᠪᠬᠢᠲᠡᠢ ᠥᠷᠨᠢᠭᠦᠯᠵᠤ ᠪᠠᠢᠭ᠎ᠠ ᠶᠤᠮ᠃
ᠯᠢ ᠢ ᠫᠦ᠄《ᠪᠦᠯᠬᠦᠮ ᠨᠡᠶ᠋ᠢᠲᠡ᠎ᠶᠢᠨ ᠬᠢᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ ᠯᠤᠭ᠎ᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠨ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠳᠤᠮᠳᠠᠬᠢ 〈ᠪᠣᠭᠣᠮᠢ〉 ᠠᠰᠠᠭᠤᠳᠠᠯ᠎ᠢ ᠨᠢᠭᠡ ᠰᠡᠳᠬᠢᠯ᠎ᠢᠶᠡᠷ ᠰᠢᠢᠳᠪᠦᠷᠢᠯᠡᠵᠦ᠂ ᠺᠧ ᠾᠧ᠂ ᠵᠦᠩ ᠰᠢᠩ᠂ ᠵᠧᠩ ᠵᠢᠨ ᠵᠡᠷᠭᠡ ᠡᠭᠦᠯᠳᠡᠷ᠎ᠦᠨ ᠦᠢᠯᠡᠰ᠎ᠤᠨ ᠠᠵᠤ ᠠᠬᠤᠢᠯᠠᠯ᠎ᠲᠠᠢ ᠬᠠᠮᠲᠤᠷᠠᠨ 〈ᠪᠣᠢᠵᠢᠭᠤᠯᠬᠤ ᠦᠷᠡᠵᠢᠭᠦᠯᠬᠦ ᠳᠡᠯᠭᠡᠷᠡᠭᠦᠯᠬᠦ᠎ᠶᠢ ᠨᠢᠭᠡ ᠴᠣᠭᠴᠠᠵᠢᠭᠤᠯᠬᠤ〉 ᠰᠢᠰᠲᠧᠮ᠎ᠢ᠋ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠭᠦᠯᠳᠡᠷ᠎ᠦᠨ ᠦᠢᠯᠡᠰ᠎ᠢ ᠬᠥᠭᠵᠢᠭᠦᠯᠬᠦ ᠪᠠ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠎ᠶᠢ ᠠᠵᠤ ᠦᠶ᠋ᠯᠡᠰᠵᠢᠭᠦᠯᠬᠦᠳᠦ ᠴᠢᠳᠠᠪᠤᠷᠢᠲᠠᠨ᠎ᠤ ᠪᠠᠲᠤᠯᠠᠭ᠎ᠠ ᠬᠠᠩᠭᠠᠨ᠎ᠠ》 ᠬᠡᠵᠦ ᠪᠠᠢᠯ᠎ᠠ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠴᠢᠬᠤᠯᠠ ᠦᠷ᠎ᠡ᠎ᠶᠢᠨ ᠲᠥᠮᠥᠰᠥ ᠪᠠ ᠲᠠᠸᠠᠷ᠎ᠤᠨ ᠲᠥᠮᠥᠰᠥ᠎ᠶᠢᠨ ᠦᠢᠯᠡᠳᠪᠦᠷᠢᠯᠡᠯ᠎ᠦᠨ ᠰᠠᠭᠤᠷᠢᠨ ᠭᠠᠵᠠᠷ ᠪᠣᠯᠣᠨ᠎ᠠ᠃ ᠭᠡᠪᠡᠴᠦ ᠲᠥᠮᠥᠰᠥ᠎ᠶᠢᠨ ᠤᠳᠤᠮᠰᠢᠯ᠎ᠤᠨ ᠲᠣᠭᠲᠠᠴᠠ᠎ᠶᠢᠨ ᠵᠠᠳᠠᠯᠤᠯᠲᠠ ᠪᠠᠭᠤᠷᠠᠢ᠂ ᠰᠢᠯᠢᠳᠡᠭ ᠭᠧᠨ᠎ᠤ ᠡᠬᠢ ᠪᠠᠶᠠᠯᠢᠭ᠋ᠬᠦᠷᠦᠯᠴᠡᠬᠦ ᠦᠬᠡᠢ᠂ ᠪᠡᠶ᠎ᠡ᠎ᠪᠡᠨ ᠳᠠᠭᠠᠭᠠᠵᠤ ᠰᠣᠩᠭᠣᠨ ᠪᠣᠢᠵᠢᠭᠤᠯᠬᠤ ᠲᠤᠰᠬᠠᠢ ᠬᠡᠷᠡᠭᠯᠡᠭᠡᠨ᠎ᠦ ᠬᠡᠯᠪᠡᠷᠢ᠎ᠶᠢᠨ ᠲᠦᠷᠦᠯ ᠵᠦᠢᠯ ᠳᠤᠲᠠᠮᠠᠭ ᠪᠠᠢᠬᠤ ᠵᠡᠷᠭᠡ ᠬᠦᠴᠢᠷ ᠠᠰᠠᠭᠤᠳᠠᠯ ᠣᠷᠣᠰᠢᠵᠤ ᠪᠤᠢ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠥᠮᠥᠰᠥ᠎ᠶᠢᠨ ᠡᠬᠦᠯᠳᠡᠷ ᠪᠣᠢᠵᠢᠭᠤᠯᠬᠤ ᠲᠤᠰᠬᠠᠢ ᠮᠡᠷᠭᠡᠵᠢᠯᠲᠡᠨ ᠮᠠ ᠶᠠᠨ ᠬᠣᠩ ᠫᠷᠤᠹᠧᠰᠰᠤᠷ᠎ᠤᠨ ᠪᠦᠯᠬᠦᠮ᠎ᠦᠨ ᠬᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ 700 ᠭᠠᠷᠤᠢ ᠦᠷ᠎ᠡ ᠡᠳ᠋᠎ᠦᠨ ᠡᠬᠢ ᠪᠠᠶᠠᠯᠢᠭ᠋᠎ᠢ ᠣᠷᠣᠭᠤᠯᠤᠨ ᠦᠨᠡᠯᠡᠵᠦ᠂ ᠲᠥᠮᠥᠰᠥ᠎ᠶᠢᠨ ᠭᠠᠩ ᠬᠠᠭᠰᠠᠷᠠᠭᠠᠨ᠎ᠳ᠋ᠤ ᠳᠡᠰᠪᠦᠷᠢ ᠳᠠᠢ᠂ ᠴᠡᠴᠡᠭ᠎ᠦᠨ ᠬᠥᠬᠡ ᠡᠳ᠋ ᠵᠢᠴᠢ ᠴᠠᠷᠳᠠᠭᠤᠯ᠎ᠤᠨ ᠨᠡᠢᠯᠡᠯᠭᠡ᠎ᠶᠢᠨ ᠮᠣᠯᠧᠺᠦ᠋ᠯᠢ ᠲᠣᠬᠢᠷᠠᠭᠤᠯᠤᠨ ᠡᠵᠡᠮᠳᠡᠬᠦ ᠲᠣᠭᠲᠠᠴᠠ᠎ᠶᠢ ᠰᠢᠰᠲᠧᠮ᠎ᠲᠠᠢ ᠵᠠᠳᠠᠯᠤᠭᠰᠠᠨ᠎ᠤ ᠬᠠᠮᠲᠤ ᠴᠢᠳᠠᠮᠵᠢᠲᠤ ᠮᠣᠯᠧᠺᠦ᠋ᠯ᠎ᠦᠨ ᠲᠡᠮᠳᠡᠭ᠎ᠢ ᠠᠮᠵᠢᠯᠲᠠ ᠲᠠᠢ ᠨᠡᠭᠡᠭᠡᠨ ᠬᠥᠭᠵᠢᠭᠦᠯᠵᠦ᠂ ᠡᠬᠦᠯᠳᠡᠷ ᠪᠣᠢᠵᠢᠭᠤᠯᠬᠤ᠎ᠳᠤ ᠵᠠᠩᠭᠢᠯᠠᠭ᠎ᠠ᠎ᠶᠢᠨ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠠᠢ᠃ ᠡᠭᠦᠨ᠎ᠦ ᠰᠠᠭᠤᠷᠢᠨ ᠳᠡᠭᠡᠷ᠎ᠡ᠂ ᠪᠦᠯᠬᠦᠮ ᠨᠡᠶ᠋ᠢᠲᠡ᠎ᠶᠢᠨ ᠬᠢᠨ ᠪᠡᠶ᠎ᠡ᠎ᠪᠡᠨ ᠳᠠᠭᠠᠭᠠᠵᠤ 《ᠦᠪᠦᠷ ᠮᠤᠩᠭᠤᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ ᠵᠢᠨ ᠲᠥᠮᠥᠰᠥ》 ᠵᠢᠨ ᠰᠢᠷᠢᠰ ᠡᠭᠦᠯᠳᠡᠷ᠎ᠢ 9 ᠰᠣᠩᠭᠣᠨ ᠪᠣᠢᠵᠢᠭᠤᠯᠵᠤ ᠳᠡᠩᠰᠡᠯᠡᠨ ᠲᠡᠮᠳᠡᠭᠯᠡᠵᠡᠢ᠃ ᠡᠭᠦᠨ᠎ᠳᠦ 《ᠦᠪᠦᠷ ᠮᠣᠩᠭᠣᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ ᠵᠢᠨ 8 ᠨᠤᠮᠧᠷᠳᠤ ᠲᠥᠮᠥᠰᠥ》 ᠪᠠ 《ᠪᠣᠷᠣ᠌ ᠥᠩᠭᠡᠲᠦ 3 ᠨᠤᠮᠧᠷᠳᠤ》 ᠨᠢ ᠴᠡᠴᠡᠭ᠎ᠦᠨ ᠬᠥᠬᠡ ᠡᠳ᠋ ᠡᠯᠪᠡᠭ ᠠᠭᠤᠯᠵᠤ᠂ ᠰᠢᠮ᠎ᠡ ᠲᠡᠵᠢᠭᠡᠯ ᠪᠠ ᠦᠵᠡᠮᠦᠷᠢ᠎ᠶᠢᠨ ᠥᠷᠲᠡᠭ᠎ᠲᠠᠢ ᠪᠠᠢᠵᠤ᠂ ᠵᠠᠬ᠎ᠠ ᠳᠡᠯᠭᠡᠭᠦᠷ᠎ᠦᠨ ᠨᠡᠮᠡᠯᠲᠡ ᠥᠷᠲᠡᠭ ᠥᠨᠳᠥᠷ ᠣᠨᠴᠠᠯᠢᠭ᠍ᠲᠤ ᠲᠥᠮᠥᠰᠥᠪᠤᠯᠤᠨᠠ᠃ 《ᠦᠪᠦᠷ ᠮᠤᠩᠭᠤᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ ᠵᠢᠨ 1 ᠨᠤᠮᠧᠷᠳᠤ ᠲᠥᠮᠥᠰᠥ》 ᠨᠢ ᠬᠢᠵᠢᠭ ᠡᠪᠡᠳᠴᠢᠨ᠎ᠢ ᠡᠰᠡᠷᠭᠦᠴᠡᠬᠦ ᠳ᠋ᠤ ᠰᠠᠢᠨ᠂ ᠮᠦ᠍ ᠪᠦᠷᠢ᠎ᠶᠢᠨ ᠤᠨᠠᠯᠲᠠ᠎ᠶᠢ 15% ᠠ᠋ᠴᠠ ᠳᠡᠭᠡᠭᠰᠢ ᠨᠡᠮᠡᠭᠳᠡᠭᠦᠯᠵᠦ᠂ ᠨᠢᠭᠡᠨᠲᠡ ᠤᠯᠠᠭᠠᠨᠴᠠᠪ ᠂ ᠬᠥᠯᠥᠨ ᠪᠣᠶ᠋ᠢᠷ ᠵᠡᠷᠭᠡ ᠭᠠᠵᠠᠷ᠎ᠲᠤ ᠶᠡᠬᠡ ᠬᠡᠪᠴᠢᠶ᠎ᠡ᠎ᠪᠡᠷ ᠳᠠᠷᠢᠵᠤ ᠪᠠᠢᠨ᠎ᠠ᠃ ᠮᠠ ᠶᠠᠨ ᠬᠣᠩ ᠫᠷᠤᠹᠸᠰᠰᠤᠷ᠄ 《ᠪᠦᠯᠬᠦᠮ ᠨᠡᠢᠳᠡ ᠪᠡᠷ ᠵᠢᠡᠨ ᠲᠥᠮᠥᠰᠥ᠎ᠶᠢᠨ ᠡᠭᠦᠯᠳᠡᠷ ᠪᠣᠢᠵᠢᠭᠤᠯᠬᠤ ᠴᠢᠫ᠎ᠢ ᠨᠡᠭᠡᠭᠡᠨ ᠬᠥᠭᠵᠢᠭᠦᠯᠵᠦ᠂ ᠡᠭᠦᠯᠳᠡᠷ ᠪᠣᠢᠵᠢᠭᠤᠯᠬᠤ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠵᠤ᠂ ᠡᠭᠦᠯᠳᠡᠷ ᠪᠣᠢᠵᠢᠭᠤᠯᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠪᠡᠷ ᠦᠷᠬᠦᠯᠵᠢᠯᠡᠨ ᠴᠢᠷᠮᠠᠢᠨ᠎ᠠ᠃ ᠥᠪᠥᠷ ᠮᠣᠩᠭᠣᠯ᠎ᠤᠨ ᠠᠳᠠᠯᠢ ᠪᠤᠰᠤ ᠠᠮᠢ ᠠᠬᠤᠢ᠎ᠶᠢᠨ ᠣᠷᠣᠨ ᠪᠦᠰᠡ᠎ᠶᠢᠨ ᠣᠯᠠᠨ ᠶᠠᠩᠵᠤ᠎ᠶᠢᠨ ᠲᠠᠷᠢᠮᠠᠯ᠎ᠤᠨ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ ᠴᠠᠷᠳᠠᠭᠤᠯ ᠶᠡᠬᠡᠲᠡᠢ᠂ ᠭᠠᠩ᠎ᠢ ᠳᠠᠭᠠᠭᠠᠬᠤ ᠲᠤᠰᠬᠠᠢ ᠬᠡᠷᠡᠭᠯᠡᠭᠡᠨ᠎ᠦ ᠬᠡᠯᠪᠡᠷᠢ᠎ᠶᠢᠨ ᠲᠥᠮᠥᠰᠥ᠎ᠶᠢᠨ ᠰᠢᠨ᠎ᠡ ᠡᠬᠦᠯᠳᠡᠷ᠎ᠦᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠡᠬᠢᠯᠡᠬᠦᠯᠦᠬᠡᠳ ᠪᠠᠢᠨ᠎ᠠ᠃ ᠡᠭᠦᠨ᠎ᠦ ᠬᠠᠮᠲᠤ᠂ ᠪᠦᠯᠬᠦᠮ ᠨᠡᠶ᠋ᠢᠲᠡ᠎ᠶᠢᠨ ᠬᠢᠨ ᠪᠠᠰᠠ ᠠᠵᠤ ᠠᠬᠤᠢᠯᠠᠯ᠎ᠲᠠᠢ ᠢᠳᠡᠪᠬᠢᠲᠡᠢ ᠬᠣᠯᠪᠣᠭᠠᠯᠠᠵᠤ᠂ ᠲᠥᠮᠥᠰᠥ ᠪᠣᠢᠵᠢᠭᠤᠯᠬᠤ ᠥᠨᠳᠥᠷ ᠪᠠᠷᠢᠮᠵᠢᠶᠠᠲᠤ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠲᠤᠷᠰᠢᠯᠲᠠ᠎ᠶᠢᠨ ᠲᠠᠰᠤᠭ᠎ᠠᠴᠠ ᠲᠠᠷᠢᠶᠠᠨ ᠭᠠᠵᠠᠷ ᠬᠦᠷᠲᠡᠯᠡᠬᠢ 〈ᠡᠴᠦᠰ᠎ᠦᠨ ᠨᠢᠭᠡ ᠺᠢᠯᠣᠮᠧᠲᠷ〉 ᠢ᠋ ᠨᠡᠪᠲᠡᠷᠡᠭᠦᠯᠦᠨ᠂ ᠥᠪᠥᠷ ᠮᠣᠩᠭᠣᠯ᠎ᠤᠨ ᠲᠥᠮᠥᠰᠥ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠦᠭᠵᠢᠯᠳᠡ᠎ᠳᠤ ᠬᠦᠴᠦᠨ ᠨᠡᠮᠡᠷᠢᠯᠡᠨ᠎ᠡ》 ᠬᠡᠵᠡᠢ᠃
ᠰᠢᠷ᠎ᠠ ᠪᠤᠷᠴᠠᠭ᠂ ᠨᠡᠷᠡᠨ ᠬᠤᠸᠠᠷ ᠵᠡᠷᠭᠡ ᠲᠣᠰᠣᠯᠢᠭ᠋ ᠲᠠᠷᠢᠮᠠᠯ ᠪᠣᠯ ᠥᠪᠥᠷ ᠮᠣᠩᠭᠣᠯ᠎ᠤᠨ ᠳᠠᠪᠠᠭᠤᠯᠢᠭ᠋ ᠲᠠᠷᠢᠮᠠᠯ ᠮᠥᠨ᠂ ᠭᠡᠪᠡᠴᠦ ᠴᠢᠨᠠᠷ ᠰᠠᠢᠲᠠᠢ ᠡᠭᠦᠯᠳᠡᠷ ᠬᠠᠷᠢᠴᠠᠩᠭᠤᠢ᠎ᠪᠠᠷ ᠳᠤᠲᠠᠮᠠᠭ ᠪᠠᠢᠳᠠᠭ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠣᠰᠣᠯᠢᠭ᠋ ᠲᠠᠷᠢᠮᠠᠯ᠎ᠤᠨ ᠲᠤᠰᠬᠠᠢ ᠮᠡᠷᠭᠡᠵᠢᠯᠲᠡᠨ ᠢ ᠯᠢᠦ ᠰᠢ ᠳᠡᠳ᠋ ᠫᠷᠤᠹᠧᠰᠰᠤᠷ᠎ᠤᠨ ᠪᠦᠯᠬᠦᠮ᠎ᠦᠨ ᠬᠢᠨ ᠬᠣᠯᠠ ᠲᠥᠷᠥᠯ᠎ᠦᠨ ᠡᠷᠯᠢᠰᠡᠵᠢᠭᠦᠯᠦᠯᠲᠡ ᠪᠠ ᠥᠳᠥᠭᠡᠨ ᠬᠤᠪᠢᠷᠠᠭᠤᠯᠬᠤ ᠮᠡᠷᠭᠡᠵᠢᠯ᠎ᠢ ᠠᠰᠢᠭ᠍ᠯᠠᠵᠤ᠂ ᠨᠢᠭᠡ ᠪᠦᠯᠦᠭ ᠥᠨᠳᠥᠷ ᠲᠣᠰᠣᠨ ᠬᠦᠴᠢᠯ᠂ ᠬᠤᠵᠢᠷ᠎ᠲᠤ ᠲᠡᠰᠪᠦᠷᠢᠲᠡᠢ ᠨᠡᠷᠡᠨ ᠬᠤᠸᠠᠷ᠎ᠤᠨ ᠰᠢᠨ᠎ᠡ ᠡᠭᠦᠯᠳᠡᠷ᠎ᠢ ᠪᠤᠢᠵᠢᠭᠤᠯᠵᠤ᠂ ᠰᠢᠷ᠎ᠠ ᠪᠤᠷᠴᠠᠭ᠂ ᠨᠡᠷᠡᠨ ᠬᠤᠸᠠᠷ᠂ ᠬᠤᠮᠠ ᠵᠡᠷᠭᠡ ᠳᠠᠪᠠᠭᠤᠯᠢᠭ᠋ ᠲᠣᠰᠣᠯᠢᠭ᠋ ᠲᠠᠷᠢᠮᠠᠯ᠎ᠤᠨ ᠲᠣᠭᠣᠷᠢᠨ᠎ᠳᠤ ᠡᠬᠦᠯᠳᠡᠷ ᠪᠣᠢᠵᠢᠭᠤᠯᠬᠤ ᠬᠠᠮᠲᠤᠷᠠᠭᠰᠠᠨ ᠪᠣᠭᠣᠮᠲᠠ᠎ᠶᠢ ᠰᠢᠪᠲᠤᠯᠵᠤ ᠂ ᠦᠷ᠎ᠡ᠎ᠶᠢᠨ ᠦᠢᠯᠡᠰ᠎ᠦᠨ ᠰᠢᠨ᠎ᠡ᠎ᠶᠢ ᠡᠭᠦᠳᠬᠦ ᠬᠦᠷᠢᠶᠡᠨ᠎ᠳᠦ ᠣᠯᠠᠨ ᠰᠢᠨ᠎ᠡ ᠦᠷ᠎ᠡ ᠪᠦᠲᠦᠭᠡᠯ ᠣᠯᠵᠤ᠂ ᠴᠢ ᠶᠤᠸᠠᠨ 99᠂ ᠦᠪᠦᠷ ᠮᠤᠩᠭᠤᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ ᠵᠢᠨ ᠳᠤᠰᠤᠯᠢᠭ ᠨᠠᠷᠠᠨ ᠬᠤᠸᠠᠷ 3 ᠨᠤᠮᠧᠷᠳᠤ ᠪᠠ 6 ᠨᠤᠮᠧᠷᠳᠤ ᠵᠡᠷᠬᠡ 4 ᠰᠢᠨ᠎ᠡ ᠡᠬᠦᠯᠳᠡᠷ᠎ᠢ ᠪᠤᠢᠵᠢᠭᠤᠯᠵᠤ᠂ ᠦᠪᠦᠷ ᠮᠤᠩᠭᠤᠯ᠎ᠤᠨ ᠳᠠᠷᠢᠶᠠᠯᠠᠩ᠎ᠤᠨ ᠶᠡᠬᠡ ᠰᠤᠷᠭᠠᠭᠤᠯᠢ ᠵᠢᠨ ᠶᠠᠮᠠ 1 ᠨᠤᠮᠧᠷᠳᠤ᠂ 2 ᠨᠤᠮᠧᠷᠳᠤ᠂ 11 ᠨᠣᠮᠧᠷᠲᠤ ᠵᠡᠷᠭᠡ ᠬᠤᠮᠠ ᠵᠢᠨ 3 ᠰᠢᠨ᠎ᠡ ᠡᠭᠦᠯᠳᠡᠷ ᠪᠤᠢᠵᠢᠭᠤᠯᠵᠠᠢ᠃ ᠦᠷ᠎ᠡ ᠡᠳ᠋᠎ᠦᠨ ᠰᠢᠨ᠎ᠡ᠎ᠶᠢ ᠡᠭᠦᠳᠬᠦ ᠲᠠᠯ᠎ᠠ᠎ᠪᠠᠷ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠲᠣᠰᠣᠯᠢᠭ᠋ ᠲᠠᠷᠢᠮᠠᠯ᠎ᠤᠨ ᠦᠷ᠎ᠡ ᠡᠳ᠋᠎ᠦᠨ ᠰᠢᠨ᠎ᠡ᠎ᠶᠢ ᠡᠭᠦᠳᠬᠦ ᠪᠦᠯᠬᠦᠮ᠎ᠦᠨ ᠬᠢᠨ ᠤᠷᠢᠳ ᠬᠣᠵᠢᠳ ᠮᠢᠩᠭ᠎ᠠ ᠭᠠᠷᠤᠢ ᠬᠤᠪᠢ ᠰᠢᠷ᠎ᠠ ᠪᠤᠷᠴᠠᠭ᠂ ᠨᠡᠷᠡᠨ ᠬᠤᠸᠠᠷ᠂ ᠬᠤᠮᠠ᠎ᠶᠢᠨ ᠦᠷ᠎ᠡ ᠡᠳ᠋᠎ᠦᠨ ᠡᠬᠢ ᠪᠠᠶᠠᠯᠢᠭ᠋᠎ᠢ ᠴᠤᠭᠯᠠᠭᠤᠯᠵᠤ᠂ ᠴᠢᠬᠤᠯᠠ ᠰᠢᠨᠵᠢ ᠪᠠᠢᠳᠠᠯ᠎ᠤᠨ ᠪᠦᠷᠢᠯᠳᠦᠯ᠎ᠦᠨ ᠲᠣᠭᠲᠠᠴᠠ᠎ᠶᠢ ᠵᠠᠳᠠᠯᠤᠨ ᠰᠢᠨᠵᠢᠯᠡᠵᠦ᠂ ᠲᠣᠰᠣᠯᠢᠭ᠋ ᠲᠠᠷᠢᠮᠠᠯ᠎ᠤᠨ ᠠᠮᠢᠳᠤ ᠪᠣᠳᠠᠰ᠎ᠤᠨ ᠡᠬᠦᠯᠳᠡᠷ ᠪᠣᠢᠵᠢᠭᠤᠯᠬᠤ᠎ᠳᠤ ᠰᠠᠭᠤᠷᠢ ᠲᠠᠯᠪᠢᠵᠠᠢ᠃ ᠢ ᠯᠢᠦ ᠰᠢ᠄《ᠰᠢᠷ᠎ᠠ ᠪᠤᠷᠴᠠᠭ᠂ ᠨᠡᠷᠡᠨ ᠬᠤᠸᠠᠷ᠂ ᠬᠤᠮᠠ᠎ᠶᠢᠨ ᠰᠢᠪᠲᠤᠯᠤᠯᠲᠠ᠎ᠶᠢᠨ ᠴᠢᠨᠠᠷᠲᠠᠢ ᠰᠢᠨ᠎ᠡ ᠡᠭᠦᠯᠳᠡᠷ᠎ᠢ ᠲᠦᠷᠭᠡᠨ ᠪᠣᠢᠵᠢᠭᠤᠯᠵᠤ᠂ ᠵᠠᠩᠭᠢᠯᠠᠭ᠎ᠠ᠎ᠶᠢᠨ ᠭᠧᠨ᠎ᠢ ᠠᠭᠤᠳᠠᠯᠵᠤ᠂ ᠡᠭᠦᠯᠳᠡᠷ ᠪᠣᠢᠵᠢᠭᠤᠯᠬᠤ ᠴᠢᠫ᠎ᠢ ᠨᠡᠭᠡᠭᠡᠨ ᠬᠥᠭᠵᠢᠭᠦᠯᠵᠦ᠂ AI ᠡᠭᠦᠯᠳᠡᠷ ᠪᠣᠢᠵᠢᠭᠤᠯᠬᠤ ᠲᠣᠮᠣ᠌ ᠵᠠᠭᠪᠤᠷ᠎ᠢ ᠪᠠᠢᠭᠤᠯᠵᠤ᠂ ᠦᠷ᠎ᠡ᠎ᠶᠢᠨ ᠦᠢᠯᠡᠰ᠎ᠦᠨ ᠬᠥᠭᠵᠢᠯᠲᠡ᠎ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠳᠤ 〈ᠦᠷ᠎ᠡ᠎ᠶᠢᠨ ᠬᠦᠴᠦᠨ〉 ᠨᠡᠮᠡᠷᠢᠯᠡᠨ᠎ᠡ》 ᠬᠡᠵᠡᠢ᠃
ᠥᠪᠥᠷ ᠮᠣᠩᠭᠣᠯ ᠨᠢ ᠮᠠᠨ᠎ᠤ ᠤᠯᠤᠰ᠎ᠤᠨ ᠴᠢᠨᠠᠷ ᠰᠠᠢᠲᠠᠢ ᠨᠣᠬᠠᠢ᠎ᠶᠢᠨ ᠬᠣᠰᠢᠭᠤ᠂ ᠰᠠᠭᠠᠭ᠎ᠤᠨ ᠭᠣᠣᠯ ᠭᠠᠷᠤᠯᠲᠠ᠎ᠶᠢᠨ ᠣᠷᠣᠨ ᠪᠠ ᠣᠨᠴᠠᠯᠢᠭ᠍ᠲᠤ ᠡᠯᠳᠡᠪ ᠠᠮᠤ᠎ᠶᠢᠨ ᠠᠵᠤ ᠦᠢᠯᠡᠰ᠎ᠦᠨ ᠭᠣᠣᠯ ᠰᠠᠭᠤᠷᠢᠨ ᠭᠠᠵᠠᠷ ᠪᠠᠢᠵᠤ᠂ ᠣᠷᠣᠨ ᠪᠦᠰᠡ᠎ᠶᠢᠨ ᠬᠡᠷᠡᠯ᠎ᠦᠨ ᠲᠤᠰᠤᠯᠲᠠ ᠭᠦᠢᠴᠡᠳ᠂ ᠡᠳᠦᠷ ᠰᠥᠨᠢ᠎ᠶᠢᠨ ᠳᠤᠯᠠᠭᠠᠨ᠎ᠤ ᠵᠥᠷᠢᠶ᠎ᠡ ᠶᠡᠬᠡ᠂ ᠶᠡᠬᠡ ᠬᠡᠪᠴᠢᠶ᠎ᠡ᠎ᠪᠡᠷ ᠬᠠᠭᠤᠷᠠᠢ᠎ᠪᠠᠷ ᠳᠠᠷᠢᠬᠤ ᠪᠠ ᠬᠥᠩᠭᠡᠨ ᠬᠤᠵᠢᠷᠰᠢᠯ᠎ᠤᠨ ᠬᠦᠷᠦᠰᠦ ᠰᠢᠷᠣᠢ᠎ᠲᠠᠢ ᠪᠠᠢᠵᠤ᠂ ᠡᠯᠳᠡᠪ ᠠᠮᠤ᠎ᠶᠢᠨ ᠠᠵᠤ ᠦᠢᠯᠡᠰ᠎ᠢ ᠬᠥᠭᠵᠢᠭᠦᠯᠬᠦ ᠪᠠᠢᠭᠠᠯᠢ᠎ᠶᠢᠨ ᠣᠷᠣᠨ ᠪᠠᠢᠷᠢ᠎ᠶᠢᠨ ᠳᠠᠪᠠᠭᠤᠯᠢᠭ ᠲᠠᠢ ᠶᠤᠮ᠃ ᠬᠡᠪᠡᠴᠦ ᠣᠳᠣᠬᠠᠨ᠎ᠳᠤ ᠨᠣᠬᠠᠢ᠎ᠶᠢᠨ ᠬᠣᠰᠢᠭᠤ᠂ ᠰᠠᠭᠠᠭ᠎ᠤᠨ ᠠᠵᠤ ᠦᠢᠯᠡᠰ᠎ᠲᠦ ᠮᠥᠨ ᠬᠦ᠌ ᠦᠷ᠎ᠡ ᠡᠳ᠋᠎ᠦᠨ ᠡᠬᠢ ᠪᠠᠶᠠᠯᠢᠭ᠋᠎ᠢ ᠠᠭᠤᠳᠠᠯᠤᠨ ᠠᠰᠢᠭ᠍ᠯᠠᠬᠤ ᠲᠠᠯ᠎ᠠ᠎ᠪᠠᠷ ᠭᠦᠢᠴᠡᠳ ᠦᠭᠡᠢ᠂ ᠲᠤᠰᠬᠠᠢ ᠬᠡᠷᠡᠭᠯᠡᠭᠡᠨ᠎ᠦ ᠬᠡᠯᠪᠡᠷᠢ᠎ᠶᠢᠨ ᠡᠭᠦᠯᠳᠡᠷ ᠳᠤᠲᠠᠮᠠᠭ᠂ ᠰᠠᠢᠨ ᠡᠭᠦᠯᠳᠡᠷ᠎ᠢ ᠢᠵᠢ ᠪᠦᠷᠢᠳᠦᠭᠦᠯᠦᠨ ᠳᠠᠷᠢᠬᠤ ᠮᠡᠷᠭᠡᠵᠢᠯ ᠲᠡᠭᠦᠯᠳᠡᠷ ᠪᠤᠰᠤ ᠵᠡᠷᠭᠡ ᠳᠤᠲᠠᠭᠤᠳᠠᠯ ᠣᠷᠣᠰᠢᠵᠤ᠂ ᠣᠨᠴᠠᠯᠢᠭ᠍ᠲᠤ ᠡᠯᠳᠡᠪ ᠠᠮᠤ᠎ᠶᠢᠨ ᠠᠵᠤ ᠦᠢᠯᠡᠰ᠎ᠦᠨ ᠬᠡᠪᠴᠢᠶᠡᠵᠢᠯᠲᠡ᠂ ᠴᠢᠨᠠᠷ ᠰᠠᠢᠲᠠᠢ ᠬᠥᠭᠵᠢᠯᠲᠡ᠎ᠶᠢ ᠬᠦᠨᠳᠦ ᠨᠣᠴᠢᠲᠠᠢ ᠬᠢᠵᠠᠭᠠᠷᠯᠠᠵᠤ ᠪᠠᠢᠭ᠎ᠠ ᠶᠤᠮ᠃ ᠠᠵᠤ ᠦᠢᠯᠡᠰ᠎ᠦᠨ ᠬᠥᠭᠵᠢᠯᠲᠡ᠎ᠶᠢᠨ ᠡᠪᠡᠷᠰᠢᠶᠡᠯ᠎ᠳᠦ ᠴᠢᠭᠯᠡᠭᠦᠯᠦᠨ᠂ ᠯᠢᠦ ᠵᠢᠩ ᠬᠤᠢ ᠫᠷᠤᠹᠧᠰᠰᠤᠷ᠎ᠤᠨ ᠪᠦᠯᠬᠦᠮ᠎ᠤᠨ ᠬᠢᠨ ᠦᠷ᠎ᠡ ᠡᠳ᠋᠎ᠦᠨ ᠰᠢᠨ᠎ᠡ᠎ᠶᠢ ᠡᠭᠦᠳᠬᠦ ᠪᠠ ᠦᠷ᠎ᠡ ᠪᠣᠢᠵᠢᠭᠤᠯᠬᠤ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠴᠢᠨᠠᠷ ᠰᠠᠢᠲᠠᠢ ᠡᠯᠳᠡᠪ ᠠᠮᠤ᠎ᠶᠢᠨ ᠦᠷ᠎ᠡ ᠡᠳ᠋᠎ᠦᠨ ᠡᠬᠢ ᠪᠠᠶᠠᠯᠢᠭ᠋᠎ᠢ ᠥᠷᠭᠡᠨ᠎ᠢᠶᠡᠷ ᠴᠤᠭᠯᠠᠭᠤᠯᠵᠤ᠂ ᠨᠣᠬᠠᠢ᠎ᠶᠢᠨ ᠬᠣᠰᠢᠭᠤ᠂ ᠰᠠᠭᠠᠭ᠎ᠤᠨ ᠭᠠᠩ᠎ᠢ ᠳᠠᠭᠠᠭᠠᠬᠤ ᠬᠤᠵᠢᠷ᠎ᠢ ᠳᠠᠭᠠᠭᠠᠬᠤ᠂ ᠴᠢᠨᠠᠷ ᠰᠠᠢᠲᠠᠢ ᠥᠨᠳᠥᠷ ᠤᠨᠠᠯᠲᠠ᠎ᠲᠠᠢ᠂ ᠴᠢᠳᠠᠮᠵᠢᠲᠤ ᠰᠢᠮ᠎ᠡ ᠲᠡᠵᠢᠭᠡᠯ᠎ᠦᠨ ᠬᠤᠷᠠᠮᠳᠤᠯ ᠵᠡᠷᠭᠡ ᠭᠣᠣᠯᠯᠠᠬᠤ ᠰᠢᠨᠵᠢ ᠪᠠᠢᠳᠠᠯ᠎ᠤᠨ ᠮᠣᠯᠧᠺᠦ᠋ᠯ᠎ᠦᠨ ᠲᠣᠬᠢᠷᠠᠭᠤᠯᠤᠯ ᠡᠵᠡᠮᠳᠡᠯ᠎ᠦᠨ ᠲᠣᠭᠲᠠᠴᠠ᠎ᠶᠢ ᠰᠢᠰᠲᠧᠮ᠎ᠲᠠᠢ ᠵᠠᠳᠠᠯᠤᠨ ᠰᠢᠨᠵᠢᠯᠡᠵᠦ᠂ ᠥᠨᠳᠥᠷ ᠪᠦᠲᠦᠮᠵᠢᠲᠡᠶ ᠴᠢᠳᠠᠮᠵᠢᠲᠤ ᠮᠣᠯᠧᠺᠦ᠋ᠯ᠎ᠦᠨ ᠲᠡᠮᠳᠡᠭ᠎ᠢ ᠨᠡᠭᠡᠭᠡᠨ ᠬᠥᠭᠵᠢᠭᠦᠯᠵᠦ᠂ ᠤᠮᠠᠷᠠᠲᠤ᠎ᠶᠢᠨ ᠭᠠᠩ ᠬᠠᠭᠤᠷᠠᠢ ᠲᠠᠷᠢᠶᠠᠯᠠᠭ᠎ᠠ᠎ᠶᠢᠨ ᠣᠷᠣᠨ᠎ᠳᠤ ᠲᠣᠬᠢᠷᠠᠭᠰᠠᠨ ᠣᠨᠣᠴᠠᠲᠠᠢ ᠡᠭᠦᠯᠳᠡᠷ ᠪᠣᠢᠵᠢᠭᠤᠯᠬᠤ ᠮᠡᠷᠭᠡᠵᠢᠯ᠎ᠦᠨ ᠰᠢᠰᠲᠧᠮ᠎ᠢ ᠪᠠᠢᠭᠤᠯᠪᠠ᠃ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠲᠦᠰᠢᠭᠯᠡᠨ᠂ ᠪᠦᠯᠬᠦᠮ ᠨᠡᠶ᠋ᠢᠲᠡ᠎ᠪᠡᠷ᠎ᠢᠶᠡᠨ ᠪᠡᠶ᠎ᠡ᠎ᠪᠡᠨ ᠳᠠᠭᠠᠭᠠᠨ 《ᠦᠪᠦᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ》 ᠵᠢᠨ ᠰᠢᠷᠢᠰ ᠨᠣᠬᠠᠢ᠎ᠶᠢᠨ ᠬᠣᠰᠢᠭᠤ᠂ ᠰᠠᠭᠠᠭ᠎ᠤᠨ ᠰᠢᠨ᠎ᠡ ᠡᠬᠦᠯᠳᠡᠷ᠎ᠢ 14 ᠪᠣᠢᠵᠢᠭᠤᠯᠵᠤ᠂ ᠡᠬᠦᠯᠳᠡᠷ ᠨᠢ ᠭᠠᠩ ᠬᠠᠭᠤᠷᠠᠢ ᠵᠢᠴᠢ ᠬᠥᠩᠭᠡᠨ ᠬᠤᠵᠢᠷᠰᠢᠯ᠎ᠤᠨ ᠣᠷᠣᠨ ᠪᠦᠰᠡ᠎ᠳᠦ ᠳᠠᠷᠢᠬᠤ᠎ᠳᠤ ᠲᠣᠬᠢᠷᠠᠮᠵᠢᠳᠠᠢ᠃ ᠣᠳᠣᠬᠠᠨ᠎ᠳᠤ ᠨᠢᠭᠡᠨᠲᠡ 9 ᠡᠬᠦᠯᠳᠡᠷ᠎ᠦᠨ ᠠᠵᠤ ᠦᠢᠯᠡᠰ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠳᠠ᠎ᠶᠢ ᠪᠡᠶᠡᠯᠡᠭᠦᠯᠵᠦ᠂ ᠨᠡᠶ᠋ᠢᠲᠡ 450 ᠲᠦᠮᠡᠨ ᠮᠦ᠍ ᠳᠡᠯᠭᠡᠷᠡᠭᠦᠯᠵᠦ᠂ ᠥᠪᠥᠷ ᠮᠣᠩᠭᠣᠯ᠎ᠤᠨ ᠡᠯᠳᠡᠪ ᠠᠮᠤ᠎ᠶᠢᠨ ᠠᠵᠤ ᠦᠢᠯᠡᠰ᠎ᠦᠨ ᠲᠣᠭᠲᠠᠭᠤᠨ ᠪᠥᠭᠡᠳ ᠣᠷᠣᠯᠭ᠎ᠠ᠎ᠪᠠᠨ ᠨᠡᠮᠡᠭᠳᠡᠭᠦᠯᠬᠦ᠎ᠶᠢ ᠬᠦᠴᠦᠲᠡᠢ ᠪᠠᠲᠤᠯᠠᠭᠰᠠᠨ ᠪᠠᠢᠨ᠎ᠠ᠃ ᠯᠢᠦ ᠵᠢᠩ ᠬᠤᠢ᠄《ᠡᠯᠳᠡᠪ ᠠᠮᠤ᠎ᠶᠢᠨ ᠡᠭᠦᠯᠳᠡᠷ ᠪᠣᠢᠵᠢᠭᠤᠯᠬᠤ ᠴᠢᠫ᠎ᠢ ᠰᠤᠳᠤᠯᠤᠨ ᠨᠡᠭᠡᠭᠡᠵᠦ᠂ ᠦᠶᠡᠯᠡᠯ᠎ᠦᠨ ᠬᠤᠭᠤᠴᠠᠭ᠎ᠠ᠎ᠶᠢ ᠪᠣᠭᠣᠨᠢᠰᠬᠠᠨ᠂ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠴᠢᠨᠠᠷ ᠰᠠᠢᠲᠠᠢ ᠲᠤᠰᠬᠠᠢ ᠬᠡᠷᠡᠭᠯᠡᠭᠡᠨ᠎ᠦ ᠰᠢᠨ᠎ᠡ ᠡᠭᠦᠯᠳᠡᠷ᠎ᠦᠨ ᠪᠡᠷᠬᠡ ᠰᠡᠳᠦᠪ᠎ᠢ ᠦᠷᠭᠦᠯᠵᠢᠯᠡᠨ ᠰᠢᠢᠳᠪᠦᠷᠢᠯᠡᠨ᠎ᠡ》 ᠭᠡᠵᠦ ᠬᠡᠯᠡᠪᠡ᠃
ᠦᠷ᠎ᠡ ᠡᠳ᠋᠎ᠦᠨ ᠡᠬᠢ ᠪᠠᠶᠠᠯᠢᠭ᠋᠎ᠤᠨ ᠣᠨᠣᠴᠠᠲᠠᠢ ᠬᠢᠨᠠᠨ ᠲᠣᠭᠲᠠᠭᠠᠯᠲᠠ ᠪᠠᠢᠬᠤ ᠦᠭᠡᠢ ᠪᠣᠯ ᠡᠬᠦᠯᠳᠡᠷ ᠪᠣᠢᠵᠢᠭᠤᠯᠬᠤ ᠰᠠᠨᠠᠭᠠᠴᠢᠯᠠᠭᠠᠲᠤ ᠡᠷᠬᠡ ᠪᠠᠢᠵᠤ ᠴᠢᠳᠠᠬᠤ ᠦᠭᠡᠢ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠤᠷᠭᠤᠮᠠᠯ᠎ᠤᠨ ᠡᠭᠦᠯᠳᠡᠷ ᠪᠣᠢᠵᠢᠭᠤᠯᠬᠤ ᠲᠤᠰᠬᠠᠢ ᠮᠡᠷᠭᠡᠵᠢᠯᠲᠡᠨ ᠯᠢ ᠭᠦᠸᠧ ᠵᠢᠩ ᠫᠷᠤᠹᠧᠰᠰᠤᠷ᠎ᠤᠨ ᠪᠦᠯᠬᠦᠮ᠎ᠦᠨ ᠬᠢᠨ ᠲᠠᠷᠢᠮᠠᠯ᠎ᠤᠨ ᠵᠦᠢᠯ ᠪᠠ ᠪᠤᠲᠠᠯᠢᠭ᠋ ᠡᠪᠡᠰᠦ ᠤᠷᠭᠤᠮᠠᠯ᠎ᠤᠨ ᠦᠷ᠎ᠡ ᠡᠳ᠋᠎ᠦᠨ ᠰᠢᠨ᠎ᠡ᠎ᠶᠢ ᠡᠭᠦᠳᠬᠦ ᠪᠠ ᠮᠣᠯᠧᠺᠦ᠋ᠯ᠎ᠦᠨ ᠵᠢᠷᠤᠭ ᠲᠥᠯᠥᠪᠯᠡᠭᠡ᠎ᠶᠢᠨ ᠡᠭᠦᠯᠳᠡᠷ ᠪᠣᠢᠵᠢᠭᠤᠯᠬᠤ ᠨᠡᠭᠡᠭᠡᠨ ᠬᠥᠭᠵᠢᠭᠦᠯᠦᠯᠲᠡ᠎ᠵᠢᠨ ᠰᠤᠳᠤᠯᠭᠠᠨ ᠢ᠋ ᠡᠷᠴᠢᠮ ᠳᠠᠢ ᠬᠢᠨ᠎ᠡ᠃ ᠲᠤᠰ ᠪᠦᠯᠬᠦᠮ᠎ᠦᠨ ᠬᠢᠨ ᠦᠷ᠎ᠡ᠎ᠶᠢᠨ ᠦᠢᠯᠡᠰ᠎ᠦᠨ ᠠᠮᠤᠷ ᠲᠦᠪᠰᠢᠨ ᠪᠣᠯᠣᠨ ᠠᠮᠢ ᠠᠬᠤᠢ᠎ᠶᠢᠨ ᠬᠠᠮᠠᠭᠠᠯᠠᠯᠲᠠ᠎ᠶᠢ ᠴᠢᠩᠭ᠎ᠠ ᠠᠳᠬᠤᠵᠤ᠂ ᠭᠠᠩ ᠬᠠᠭᠤᠷᠠᠢ᠂ ᠬᠠᠬᠢᠷ ᠬᠦᠢᠲᠡᠨ᠂ ᠬᠤᠵᠢᠷᠯᠢᠭ᠋᠂ ᠡᠯᠡᠰᠦᠷᠬᠡᠭᠵᠢᠯ ᠵᠡᠷᠭᠡ ᠣᠷᠴᠢᠨ ᠲᠣᠭᠣᠷᠢᠨ᠎ᠤ ᠬᠢᠵᠠᠭᠠᠷᠯᠠᠯ᠎ᠳᠤ ᠴᠢᠭᠯᠡᠭᠦᠯᠦᠨ᠂ ᠰᠥᠷᠭᠡᠦ ᠪᠠᠢᠭᠠᠯᠢ᠎ᠶᠢᠨ ᠣᠷᠴᠢᠨ᠎ᠳᠤ ᠳᠠᠭᠠᠭᠠᠮᠠᠭᠠᠢ᠂ ᠴᠢᠳᠠᠪᠤᠷᠢ᠎ᠪᠠᠷ ᠴᠢᠩᠭ᠎ᠠ ᠣᠷᠣᠨ ᠨᠤᠲᠤᠭ᠎ᠤᠨ ᠠᠵᠤ ᠠᠬᠤᠢ᠎ᠶᠢᠨ ᠮᠣᠳᠣᠨ᠎ᠤ ᠲᠥᠷᠥᠯ (ᠵᠢᠱ᠌ᠢᠶᠡᠯᠡᠪᠡᠯ ᠨᠠᠢᠯᠵᠠᠭᠤᠷ ᠬᠠᠷᠭᠠᠨ᠎ᠠ᠂ ᠳᠡᠰᠬᠢ᠂ ᠬᠦᠬᠡ ᠲᠦᠷᠦᠬᠦᠦ᠂ ᠬᠣᠪᠣᠷ ᠴᠤᠬᠠᠭ ᠮᠥᠬᠥᠬᠦ ᠰᠢᠬᠠᠭᠰᠠᠨ ᠪᠣᠳᠠ ᠮᠣᠳᠣ᠌ ᠵᠡᠷᠭᠡ) ᠪᠣᠯᠣᠨ ᠳᠠᠪᠠᠭᠤᠯᠢᠭ᠋ ᠣᠨᠴᠠᠯᠢᠭ᠍ᠲᠤ ᠲᠠᠷᠢᠮᠠᠯ (ᠵᠢᠱ᠌ᠢᠶᠡᠯᠡᠪᠡᠯ ᠨᠡᠷᠡᠨ ᠬᠤᠸᠠᠷ᠂ ᠲᠥᠮᠥᠰᠥ᠂ ᠰᠢᠬᠢᠷ ᠯᠤᠤᠪᠠᠩ᠂ ᠲᠡᠵᠢᠭᠡᠯ ᠡᠪᠡᠰᠦ ᠵᠡᠷᠭᠡ) ᠵᠢᠡᠷ ᠭᠣᠣᠯ ᠰᠤᠳᠤᠯᠤᠭᠳᠠᠬᠤᠨ ᠵᠢᠡᠨ ᠪᠤᠯᠭᠠᠵᠤ ᠪᠠᠢᠨ᠎ᠠ᠃ ᠰᠠᠭᠤᠷᠢ ᠰᠤᠳᠤᠯᠭᠠᠨ᠂ ᠮᠡᠷᠭᠡᠵᠢᠯ᠎ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠤᠨᠳᠤᠤᠰᠢᠭᠤᠯᠬᠤ ᠪᠦᠬᠦ ᠬᠡᠯᠬᠢᠶ᠎ᠡ᠎ᠶᠢ ᠨᠠᠪᠲᠠᠷᠡᠭᠦᠯᠵᠦ᠂ ᠣᠷᠣᠨ ᠪᠦᠰᠡ᠎ᠶᠢᠨ ᠠᠮᠢ ᠠᠬᠤᠢ᠎ᠶᠢ ᠰᠡᠷᠭᠦᠭᠡᠬᠦ᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠦᠷᠭᠦᠯᠵᠢᠯᠡᠬᠦ ᠬᠥᠭᠵᠢᠯᠲᠡ᠎ᠳᠦ ᠦᠢᠯᠡᠴᠢᠯᠡᠵᠦ ᠪᠠᠢᠭ᠎ᠠ ᠶᠤᠮ᠃ ᠰᠠᠭᠤᠷᠢ ᠰᠤᠳᠤᠯᠭᠠᠨ᠎ᠳᠤ ᠠᠩᠬᠠᠳᠠᠭ᠍ᠴᠢ ᠪᠤᠷᠴᠠᠭ᠎ᠤᠨ ᠢᠵᠠᠭᠤᠷ᠎ᠤᠨ ᠬᠠᠷᠭᠠᠨ᠎ᠠ᠎ᠶᠢᠨ ᠲᠥᠷᠥᠯ ︱ ᠨᠠᠢᠯᠵᠠᠭᠤᠷ ᠬᠠᠷᠭᠠᠨ᠎ᠠ᠎ᠶᠢᠨ ᠴᠢᠨᠠᠷ ᠰᠠᠢᠲᠠᠢ ᠪᠥᠬᠥ ᠭᠧᠨ᠎ᠦ ᠪᠦᠯᠦᠭ᠎ᠦᠨ ᠲᠠᠰ ᠳᠠᠷᠠᠭᠠᠯᠠᠯ᠎ᠢ ᠬᠡᠮᠵᠢᠨ ᠲᠣᠭᠲᠠᠭᠠᠵᠤ᠂ ᠨᠠᠢᠯᠵᠠᠭᠤᠷ ᠬᠠᠷᠭᠠᠨ᠎ᠠ᠎ᠶᠢᠨ ᠭᠧᠨ᠎ᠦ ᠪᠦᠯᠦᠭ᠎ᠦᠨ ᠲᠣᠭ᠎ᠠ ᠪᠠᠷᠢᠮᠲᠠ᠎ᠶᠢᠨ ᠬᠥᠮᠥᠷᠭᠡ᠎ᠶᠢ ᠪᠠᠢᠭᠤᠯᠪᠠ᠃ ᠦᠷ᠎ᠡ ᠪᠦᠲᠦᠭᠡᠯ᠎ᠢ ᠤᠨᠳᠤᠤᠰᠢᠭᠤᠯᠬᠤ ᠲᠠᠯ᠎ᠠ᠎ᠪᠠᠷ᠂ ᠭᠠᠩ ᠬᠠᠭᠤᠷᠠᠢ ᠬᠦᠢᠲᠡᠨ ᠴᠥᠯᠯᠡᠷᠬᠡᠭ ᠣᠷᠣᠨ᠎ᠳᠤ ᠳᠠᠷᠢᠬᠤ᠎ᠳᠤ ᠲᠣᠬᠢᠷᠠᠬᠤ ᠥᠨᠳᠥᠷ ᠤᠨᠠᠯᠲᠠ᠎ᠲᠠᠢ᠂ ᠴᠢᠨᠠᠷ ᠰᠠᠢᠲᠠᠢ ᠤᠷᠭᠤᠮᠠᠯ᠎ᠤᠨ ᠰᠢᠨ᠎ᠡ ᠡᠭᠦᠯᠳᠡᠷ᠎ᠢ ᠪᠤᠢᠵᠢᠭᠤᠯᠵᠤ᠂ ᠪᠣᠷᠳᠣᠭᠠᠨ᠎ᠳᠤ ᠬᠡᠷᠡᠭᠯᠡᠬᠦ ᠪᠤᠲᠠ ᠮᠣᠳᠣᠨ᠎ᠤ ᠰᠢᠨ᠎ᠡ ᠡᠭᠦᠯᠳᠡᠷ᠎ᠢ 3 ᠪᠤᠢᠵᠢᠭᠤᠯᠵᠠᠢ᠃ ᠯᠢ ᠭᠦᠸᠧ ᠵᠢᠩ᠄《ᠨᠢᠭᠡ ᠪᠦᠯᠦᠭ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠲᠠᠢ ᠴᠢᠳᠠᠮᠵᠢ᠎ᠶᠢᠨ ᠭᠧᠨ᠎ᠢ ᠠᠭᠤᠳᠠᠯᠬᠤ᠎ᠶᠢᠨ ᠬᠠᠮᠲᠤ ᠰᠠᠭᠤᠷᠢ ᠰᠤᠳᠤᠯᠭᠠᠨ᠎ᠤ ᠦᠷ᠎ᠡ ᠪᠦᠲᠦᠭᠡᠯ᠎ᠢ ᠡᠭᠦᠯᠳᠡᠷ ᠪᠣᠢᠵᠢᠭᠤᠯᠬᠤ ᠨᠢᠭᠡᠳᠦᠭᠡᠷ ᠹᠷᠣᠨᠲ ᠳᠠᠢᠰᠢ ᠲᠦᠷᠭᠡᠨ ᠤᠨᠳᠤᠤᠰᠢᠭᠤᠯᠬᠤ᠎ᠶᠢ ᠠᠬᠢᠭᠤᠯᠤᠨ᠎ᠠ》 ᠭᠡᠵᠡᠢ᠃
ᠦᠷ᠎ᠡ ᠪᠣᠯ ᠲᠠᠷᠢᠶᠠᠯᠠᠩ᠎ᠤᠨ 《ᠴᠢᠫ》 ᠮᠥᠨ᠃ ᠡᠷᠳᠡᠨᠢ ᠰᠢᠰᠢ᠂ ᠲᠥᠮᠥᠰᠥ᠂ ᠨᠤᠬᠠᠢ ᠵᠢᠨ ᠬᠤᠰᠢᠭᠤ᠂ ᠡᠯᠳᠡᠪ ᠠᠮᠤ ᠡᠴᠡ ᠲᠣᠰᠣᠯᠢᠭ᠋ ᠲᠠᠷᠢᠮᠠᠯ ᠬᠦᠷᠲᠡᠯ᠎ᠡ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠭᠦᠯᠳᠡᠷ ᠪᠣᠢᠵᠢᠭᠤᠯᠬᠤ ᠲᠤᠰᠬᠠᠢ ᠮᠡᠷᠭᠡᠵᠢᠯᠲᠡᠳ ᠡᠪᠡᠰᠦᠨ᠎ᠦ ᠦᠢᠯᠡᠰ᠂ ᠮᠠᠯ ᠠᠵᠤ ᠠᠬᠤᠢ᠂ ᠰᠦ᠎ᠶᠢᠨ ᠦᠢᠯᠡᠰ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠪᠣᠬᠢᠷᠲᠤᠯ ᠦᠭᠡᠢ ᠳᠠᠷᠢᠵᠤ ᠲᠡᠵᠢᠭᠡᠬᠦ ᠲᠠᠪᠤᠨ ᠶᠡᠬᠡ ᠬᠦᠷᠢᠶ᠎ᠡ᠎ᠪᠡᠷ ᠭᠣᠣᠯᠳᠠᠯᠭ᠎ᠠ ᠪᠣᠯᠭᠠᠵᠤ᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠬᠣᠰᠢᠭᠤᠷᠠᠯ ᠰᠣᠯᠪᠢᠴᠠᠯ ᠰᠢᠨᠵᠢᠯᠡᠭᠡᠨ᠎ᠦ ᠰᠠᠯᠠᠭ᠎ᠠ᠎ᠶᠢ ᠲᠦᠷᠭᠡᠪᠴᠢᠯᠡᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠭᠣᠣᠯᠳᠠᠯᠭ᠎ᠠ᠎ᠲᠠᠢ ᠲᠤᠷᠰᠢᠯᠲᠠ᠎ᠶᠢᠨ ᠲᠠᠰᠤᠭ᠎ᠢ ᠪᠦᠲᠦᠭᠡᠨ ᠪᠠᠢᠭᠤᠯᠵᠤ᠂ ᠦᠪᠦᠷ ᠮᠤᠩᠭᠤᠯ᠎ᠤᠨ ᠤᠷᠴᠢᠨ ᠳᠤᠭᠤᠷᠢᠨ ᠠᠭᠤᠷ ᠠᠮᠢᠰᠬᠤᠯ ᠳ᠋ᠤ ᠳᠤᠬᠢᠷᠠᠭᠰᠠᠨ ᠦᠷ᠎ᠠ ᠵᠢᠨ ᠦᠢᠯᠡᠰ᠎ᠢ ᠬᠦᠴᠦᠷᠬᠡᠭᠵᠢᠬᠦᠯᠬᠦ ᠪᠡᠷ ᠬᠦᠴᠦᠯᠡᠨ ᠴᠢᠷᠮᠠᠢᠵᠤ ᠪᠠᠢᠭ᠎ᠠ ᠶᠤᠮ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃