ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-02 10:53:06

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠤᠨ᠎ᠤ ᠡᠷᠳᠡᠮ ᠰᠢᠨᠵᠢᠯᠡᠭᠡᠨ᠎ᠤ ᠬᠤᠯᠪᠤᠭ᠎ᠠ᠂ ᠦᠨᠳᠦᠰᠦᠲᠡᠨ᠎ᠤ ᠬᠡᠪᠯᠡᠯ᠎ᠦᠨ ᠬᠤᠷᠢᠶ᠎ᠠ᠂ ᠬᠥᠬᠡᠬᠤᠲᠠ᠎ᠶ᠋ᠢᠨ ᠠᠵᠢᠯ ᠮᠡᠷᠭᠡᠵᠢᠯ᠎ᠤᠨ ᠶᠡᠭᠡ ᠰᠤᠷᠭᠠᠭᠤᠯᠢ᠎ᠠᠴᠠ ᠬᠠᠮᠲᠤᠷᠠᠨ ᠡᠷᠬᠢᠯᠡᠭᠰᠡᠨ ᠶᠡᠭᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠦ᠎ᠶ᠋ᠢᠨ ᠬᠥᠮᠦᠵᠢᠯ᠎ᠢ ᠨᠢᠭᠡ ᠴᠣᠭᠴᠠᠵᠢᠭᠤᠯᠤᠭᠰᠠᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ ᠵᠢᠴᠢ 《ᠵᠠᠯᠠᠭᠤᠴᠤᠳ ᠪᠠᠭᠠᠴᠤᠳ ᠰᠠᠶ᠋ᠢᠨ ᠨᠣᠮ ᠤᠩᠰᠢᠬᠤᠢ》 ᠤᠩᠰᠢᠯᠭ᠎ᠠ ᠵᠢᠨ ᠵᠢᠱ᠌ᠢᠶ᠎ᠡ ᠦᠵᠡᠭᠦᠯᠬᠦ᠌ ᠠᠵᠢᠯᠯᠠᠭ᠎ᠠ ᠬᠥᠬᠡᠬᠤᠲᠠ᠎ᠶ᠋ᠢᠨ ᠠᠵᠢᠯ ᠮᠡᠷᠭᠡᠵᠢᠯ᠎ᠤᠨ ᠶᠡᠭᠡ ᠰᠤᠷᠭᠠᠭᠤᠯᠢ᠎ᠳᠤ ᠶᠠᠪᠤᠭᠳᠠᠵᠤ᠂ ᠶᠡᠭᠡ ᠰᠤᠷᠭᠠᠭᠤᠯᠢ᠎ᠶ᠋ᠢᠨ ᠰᠤᠷᠤᠭᠴᠢᠳ᠎ᠤᠨ 100 ᠭᠠᠷᠤᠢ ᠲᠥᠯᠦᠭᠡᠯᠡᠭᠴᠢ ᠠᠵᠢᠯᠯᠠᠭ᠎ᠠ᠎ᠳᠤ  ᠣᠷᠤᠯᠴᠠᠵᠠᠢ᠃

ᠲᠣᠰ ᠤᠳᠠᠭ᠎ᠠ ᠵᠢᠨ ᠠᠵᠢᠯᠯᠠᠭ᠎ᠠ᠎ᠨᠢ ᠶᠡᠭᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠦ᠎ᠶ᠋ᠢᠨ ᠬᠥᠮᠦᠵᠢᠯ᠎ᠢ ᠨᠢᠭᠡ ᠴᠤᠭᠴᠠᠵᠢᠭᠤᠯᠬᠤ ᠪᠠᠶ᠋ᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂  ᠬᠥᠮᠦᠨ᠎ᠢ ᠬᠥᠮᠦᠵᠢᠭᠦᠯᠬᠦ᠌ ᠡᠬᠢ ᠪᠠᠶᠠᠯᠢᠭ᠎ᠢ ᠨᠡᠢᠳᠭᠡᠵᠦ᠍᠂ 《ᠥᠯᠢᠭᠡᠷ ᠳᠠᠭᠤᠷᠢᠶᠠᠯ᠎ᠢ ᠤᠬᠠᠭᠤᠯᠤᠨ ᠲᠠᠨᠢᠯᠴᠠᠭᠤᠯᠬᠤ᠂ ᠰᠤᠷᠤᠯᠭ᠎ᠠ ᠠᠯᠤᠰᠯᠠᠨ ᠰᠤᠳᠤᠯᠤᠨ ᠰᠤᠷᠤᠯᠴᠠᠬᠤ᠂ ᠨᠣᠮ ᠤᠩᠰᠢᠯᠭ᠎ᠠ ᠪᠠᠨ  ᠬᠤᠪᠢᠶᠠᠯᠴᠠᠬᠤ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ》 ᠣᠯᠠᠨ ᠬᠡᠮᠵᠢᠯᠳᠦ ᠬᠥᠮᠦᠨ᠎ᠢ  ᠬᠥᠮᠦᠵᠢᠭᠦᠯᠬᠦ᠌ ᠵᠠᠭᠪᠤᠷ᠎ᠢ ᠡᠭᠦᠳᠦᠨ ᠪᠠᠶ᠋ᠢᠭᠤᠯᠪᠠ᠃ ᠠᠵᠢᠯᠯᠠᠭ᠎ᠠ᠎ᠳᠤ ᠪᠦᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶ᠋ᠢᠨ ᠵᠢᠱ᠌ᠢᠶᠡᠴᠢ ᠬᠤᠪᠢ ᠬᠥᠮᠦᠨ᠎ᠢ ᠲᠤᠰᠭᠠᠶ᠋ᠢᠯᠠᠨ ᠤᠷᠢᠵᠤ ᠲᠤᠰᠭᠠᠢ ᠰᠡᠳᠦᠪᠲᠦ᠍ ᠤᠬᠠᠭᠤᠯᠤᠨ ᠲᠠᠶ᠋ᠢᠯᠪᠤᠷᠢᠯᠠᠯᠲᠠ ᠬᠢᠯᠭᠡᠪᠡ᠃ ᠬᠤᠶᠠᠷ ᠤᠬᠠᠭᠤᠯᠤᠨ ᠲᠠᠶ᠋ᠢᠯᠪᠤᠷᠢᠯᠠᠬᠴᠢ ᠦᠨᠳᠦᠰᠦᠨ ᠱᠠᠲᠤᠨ᠎ᠳᠤ ᠦᠨᠳᠦᠰᠦᠯᠡᠭᠰᠡᠨ ᠦᠨᠡᠨ ᠪᠣᠳᠠᠲᠠᠢ ᠦᠯᠢᠭᠡᠷ᠎ᠢᠶᠠᠷ ᠦᠨᠳᠦᠰᠦᠲᠡᠨ᠎ᠤ ᠪᠦᠯᠬᠦᠮᠳᠡᠯ᠎ᠤᠨ ᠭᠦᠨᠵᠡᠭᠡᠢ ᠠᠭᠤᠯᠤᠭᠳᠠᠬᠤᠨ᠎ᠢ ᠠᠮᠢᠳᠤᠯᠢᠭ᠎ᠢᠶᠠᠷ ᠲᠠᠶ᠋ᠢᠯᠪᠤᠷᠢᠯᠠᠵᠤ᠂ ᠪᠥᠬᠦ᠌ ᠤᠷᠤᠨ᠎ᠤ ᠵᠠᠯᠠᠭᠤᠴᠤᠳ ᠪᠠᠭᠠᠴᠤᠳ᠎ᠲᠤ᠌ ᠰᠤᠷᠤᠯᠴᠠᠭᠤᠰᠢᠲᠠᠢ ᠥᠯᠢᠭᠡᠷ ᠳᠠᠭᠤᠷᠢᠶᠠᠯ ᠪᠣᠯᠪᠠ᠃

ᠠᠵᠢᠯᠯᠠᠭ᠎ᠠ᠎ᠲᠡᠭᠡᠷ᠎ᠡ᠂ ᠪᠠᠭ᠎ᠠ ᠰᠤᠷᠭᠠᠭᠤᠯᠢ᠂ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠂ ᠳᠡᠭᠡᠳᠦ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠭᠤᠯᠢ᠎ᠶ᠋ᠢᠨ ᠰᠤᠷᠤᠯᠭ᠎ᠠ ᠠᠯᠤᠰᠯᠠᠭᠰᠠᠨ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠵᠤ᠂ ᠪᠠᠭᠰᠢ ᠰᠤᠷᠤᠭᠴᠢᠳ᠎ᠤᠨ ᠠᠰᠠᠭᠤᠯᠲᠠ ᠬᠠᠷᠢᠭᠤᠯᠲᠠ ᠵᠢᠴᠢ ᠨᠣᠮ ᠤᠩᠰᠢᠭᠰᠠᠨ ᠣᠶ᠋ᠢᠯᠠᠭᠠᠯᠲᠠ᠎ᠪᠠᠨ ᠬᠤᠪᠢᠶᠠᠯᠴᠠᠬᠤ᠎ᠪᠠᠷ ᠳᠠᠮᠵᠢᠭᠤᠯᠤᠨ᠂ ᠰᠤᠷᠤᠭᠴᠢᠳ᠎ᠤᠨ ᠦᠵᠡᠯ ᠰᠠᠨᠠᠭᠠᠨ᠎ᠤ ᠨᠡᠪᠲᠡᠷᠡᠯᠴᠡᠭᠡ᠂ ᠢᠵᠢᠯᠢ ᠴᠢᠭᠯᠡᠯ ᠵᠢᠡᠷ ᠬᠥᠮᠦᠨ᠎ᠢ ᠬᠥᠮᠦᠵᠢᠭᠦᠯᠬᠦ᠎ᠶ᠋ᠢ ᠠᠬᠢᠭᠤᠯᠪᠠ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠪᠠᠰᠠ ᠣᠷᠤᠨ᠎ᠤ ᠳᠣᠲᠤᠨᠠᠬᠢ ᠣᠯᠠᠨ ᠶᠡᠭᠡ ᠳᠡᠭᠡᠳᠦ ᠰᠤᠷᠭᠠᠭᠤᠯᠢ᠎ᠳᠤ ᠬᠠᠨᠳᠤᠭᠤᠯᠤᠨ ᠦᠨᠳᠦᠰᠦᠲᠡᠨ᠎ᠤ ᠪᠦᠯᠬᠦᠮᠳᠡᠯ᠎ᠤᠨ ᠭᠤᠤᠯ ᠰᠡᠳᠦᠪᠲᠦ᠍ ᠨᠣᠮ ᠪᠢᠴᠢᠭ᠎ᠬᠠᠨᠳᠢᠪᠯᠠᠬᠤ ᠠᠵᠢᠯᠯᠠᠭ᠎ᠠ ᠥᠷᠨᠢᠭᠦᠯᠵᠦ᠍᠂ ᠴᠢᠨᠠᠷ ᠰᠠᠶ᠋ᠢᠲᠠᠢ  ᠡᠬᠢ ᠪᠠᠶᠠᠯᠢᠭ᠎ᠢ ᠰᠤᠷᠭᠠᠭᠤᠯᠢ᠎ᠶ᠋ᠢᠨ ᠬᠤᠭᠤᠷᠤᠨᠳᠤ ᠬᠠᠮᠲᠤ᠎ᠪᠠᠷ ᠡᠳ᠋ᠯᠡᠬᠦ᠎ᠶ᠋ᠢ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面