ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-04 11:46:05

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

10 ᠰᠠᠷ᠎ᠠ ᠵᠢᠨ 29 ᠡᠴᠡ 30᠎ᠤ᠋ ᠡᠳᠦᠷ ᠪᠤᠯᠳᠠᠯ᠎ᠠ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠎ᠠᠴᠠ ᠬᠠᠮᠲᠤᠷᠠᠨ ᠭᠣᠣᠯᠯᠠᠨ ᠡᠷᠭᠢᠯᠡᠵᠦ᠂ ᠦᠪᠤᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠵᠢᠨ ᠡᠷᠭᠢᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠎ᠠᠴᠠ ᠳᠠᠭᠠᠭᠠᠴᠢᠯᠠᠨ ᠡᠷᠭᠢᠯᠡᠭᠰᠡᠨ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠢᠭᠠᠨ ᠰᠤᠷᠭᠠᠯᠲᠠ᠎ᠶᠢᠨ ᠰᠣᠯᠢᠯᠴᠠᠭ᠎ᠠ᠎ᠦᠵᠡᠭᠦᠯᠭᠡ᠎ᠶᠢᠨ ᠠᠵᠢᠯᠯᠠᠭ᠎ᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃ ᠪᠥᠬᠥ ᠤᠯᠤᠰ᠎ᠤᠨ 31 ᠮᠤᠵᠢ (ᠣᠷᠣᠨ᠂ ᠬᠣᠲᠠ) ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ 673 ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ 911 ᠪᠠᠭ᠍ᠰᠢ ᠲᠣᠰ ᠤᠳᠠᠭᠠᠨ᠎ᠤ ᠠᠵᠢᠯᠯᠠᠭ᠎ᠠ᠎ᠳᠤ ᠨᠡᠷ᠎ᠡ ᠮᠡᠳᠡᠭᠦᠯᠵᠦ᠂ ᠲᠤᠰᠬᠠᠢ ᠮᠡᠷᠭᠡᠵᠢᠯᠲᠡᠨ᠎ᠤ᠋ ᠴᠢᠩᠭ᠎ᠠ ᠰᠢᠯᠭᠠᠷᠠᠭᠤᠯᠤᠯᠲᠠ᠎ᠪᠠᠷ ᠳᠡᠮᠵᠢᠨ᠂ 86 ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ 87 ᠰᠢᠯᠢᠳᠡᠭ ᠪᠠᠭ᠍ᠰᠢ ᠲᠤᠬᠠᠢ᠎ᠶᠢᠨ ᠲᠠᠯᠠᠪᠠᠶ᠎ᠶᠢᠨ ᠵᠢᠭᠠᠨ ᠰᠤᠷᠭᠠᠯᠲᠠ᠎ᠶᠢᠨ ᠦᠵᠡᠭᠦᠯᠭᠡ ᠪᠠ ᠲᠣᠭᠣᠷᠢᠨ ᠦᠵᠡᠵᠦ ᠰᠣᠯᠢᠯᠴᠠᠬᠤ ᠠᠵᠢᠯᠯᠠᠭ᠎ᠠ᠎ᠳᠤ ᠣᠷᠣᠯᠴᠠᠪᠠ᠃

ᠲᠣᠰ ᠤᠳᠠᠭᠠᠨ᠎ᠤ ᠵᠢᠭᠠᠨ ᠰᠤᠷᠭᠠᠯᠲᠠ᠎ᠶᠢᠨ ᠲᠤᠬᠠᠢ᠎ᠶᠢᠨ ᠲᠠᠯᠠᠪᠠᠶ᠎ᠶᠢᠨ ᠦᠵᠡᠭᠦᠯᠭᠡ᠎ᠶᠢᠨ ᠠᠵᠢᠯᠯᠠᠭ᠎ᠠ᠎ᠶᠢ ᠡᠷᠭᠢᠯᠡᠭᠰᠡᠨ ᠨᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢ ᠨᠢᠭᠡ ᠴᠣᠭᠴᠠᠵᠢᠭᠤᠯᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠠᠵᠢᠯᠯᠠᠭ᠎ᠠ ᠨᠢ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠳᠤᠭᠤᠢᠯᠠᠩ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠳᠤᠭᠤᠢᠯᠠᠩ ᠪᠣᠯᠣᠨ ᠳᠤᠮᠳᠠᠳᠤ ᠪᠠᠭ᠎ᠠ ᠰᠤᠷᠭᠠᠭᠤᠯᠢ᠎ᠶᠢᠨ ᠳᠤᠭᠤᠢᠯᠠᠩ ᠲᠣᠬᠢᠷᠠᠭᠤᠯᠵᠤ᠂ ᠠᠩᠬ᠎ᠠ ᠤᠳᠠᠭ᠎ᠠ ᠶᠡᠬᠡ ᠳᠡᠭᠡᠳᠦ ᠰᠤᠷᠭᠠᠭᠤᠯᠢ᠎ᠶᠢᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠣᠢᠮᠣᠴᠢᠯᠠᠯ》᠂ ᠳᠤᠮᠳᠠᠳᠤ ᠰᠤᠷᠭᠠᠭᠤᠯᠢ᠎ᠶᠢᠨ 《ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ》᠂ ᠪᠠᠭ᠎ᠠ ᠰᠤᠷᠭᠠᠭᠤᠯᠢ᠎ᠶᠢᠨ 《ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ》 ᠵᠡᠷᠭᠡ ᠭᠤᠷᠪᠠᠨ ᠰᠤᠷᠤᠯᠭ᠎ᠠ᠎ᠶᠢᠨ ᠱᠠᠲᠤᠨ᠎ᠤ ᠵᠢᠭᠠᠨ ᠰᠤᠷᠭᠠᠯᠲᠠ᠎ᠶᠢ ᠳᠡᠯᠭᠡᠨ ᠦᠵᠡᠭᠦᠯᠵᠠᠢ᠃ ᠲᠤᠬᠠᠢ᠎ᠶᠢᠨ ᠲᠠᠯᠠᠪᠠᠢ᠎ᠶᠢᠨ ᠦᠵᠡᠭᠦᠯᠭᠡ᠎ᠳᠦ᠂ ᠪᠠᠭ᠍ᠰᠢ ᠨᠠᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠴᠢᠩᠭ᠎ᠠ ᠡᠵᠡᠮᠳᠡᠵᠦ᠂ ᠠᠳᠠᠯᠢ ᠪᠤᠰᠤ ᠱᠠᠲᠤᠨ᠎ᠤ ᠰᠤᠷᠤᠭ᠍ᠴᠢᠳ᠎ᠤᠨ ᠲᠠᠨᠢᠨ ᠮᠡᠳᠡᠬᠦᠢ᠎ᠶᠢᠨ ᠣᠨᠴᠠᠯᠢᠭ᠋᠎ᠲᠤ ᠰᠠᠭᠤᠷᠢᠯᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡᠨ ᠮᠠᠲᠧᠷᠢᠶᠠᠯ ᠪᠣᠯᠣᠨ ᠠᠮᠢᠳᠤ ᠰᠣᠷᠭᠣᠭ ᠬᠡᠷᠡᠭ᠎ᠦᠨ ᠵᠢᠱ᠌ᠢᠶ᠎ᠡ᠎ᠶᠢ ᠭᠦᠨᠵᠡᠭᠡᠢ ᠠᠭᠤᠳᠠᠯᠵᠤ᠂ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠲᠦ ᠨᠢᠭᠡ ᠴᠣᠭᠴᠠᠵᠢᠭ᠍ᠰᠠᠨ ᠲᠡᠦᠬᠡ᠎ᠶᠢᠨ ᠰᠤᠳᠠᠰᠤ ᠪᠣᠯᠣᠨ ᠳᠣᠲᠣᠭᠠᠳᠤ ᠯᠣᠭᠢᠭ᠋᠎ᠢ ᠰᠢᠰᠲ᠋ᠸᠮ ᠲᠠᠢ ᠲᠣᠳᠣᠷᠬᠠᠢᠯᠠᠨ ᠥᠭᠦᠯᠡᠵᠦ᠂ ᠰᠤᠷᠤᠭ᠍ᠴᠢᠳ᠎ᠢ ᠬᠥᠲᠥᠯᠥᠨ ᠵᠢᠯᠤᠭᠣᠳᠴᠤ ᠵᠥᠪ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠲᠤ ᠱᠤᠭᠤᠵᠠᠢ᠃ ᠮᠠᠨ᠎ᠤ ᠣᠷᠣᠨ᠎ᠤ ᠰᠣᠩᠭᠣᠨ ᠲᠣᠮᠢᠯᠠᠭᠰᠠᠨ ᠲᠤᠬᠠᠢ᠎ᠶᠢᠨ ᠲᠠᠯᠠᠪᠠᠢ᠎ᠶᠢᠨ ᠵᠢᠭᠠᠨ ᠰᠤᠷᠭᠠᠯᠲᠠ᠎ᠶᠢᠨ ᠦᠵᠡᠭᠦᠯᠭᠡ᠎ᠳᠦ ᠣᠷᠣᠯᠴᠠᠭᠰᠠᠨ 5 ᠪᠠᠭ᠍ᠰᠢ  ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭᠠᠷ ᠳᠡᠰ᠎ᠤᠨ ᠱᠠᠩᠨᠠᠯ 1᠂ ᠭᠤᠷᠪᠠᠳᠤᠭᠠᠷ ᠳᠡᠰ᠎ᠤᠨ ᠱᠠᠩᠨᠠᠯ 2᠂ ᠰᠢᠯᠢᠳᠡᠭ ᠱᠠᠩᠨᠠᠯ 1 ᠬᠦᠷᠲᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面