ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-05 16:52:54

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ ᠡᠨᠡ ᠵᠢᠯ ᠳ᠋ᠤ ᠣᠲᠣᠬᠠᠨ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠡᠴᠡ ᠰᠤᠷᠭᠠᠭᠤᠯᠢ ᠡᠷᠭᠢᠯᠡᠬᠦ ᠨᠥᠬᠥᠴᠡᠯ᠎ᠢ ᠰᠠᠢᠵᠢᠷᠠᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠠᠭ᠍ᠰᠢ᠎ᠶᠢᠨ ᠡᠩᠨᠡᠭᠡᠨ᠎ᠦ ᠪᠠᠢᠭᠤᠯᠤᠯᠲᠠ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ 61.06 ᠳ᠋ᠦᠩᠰᠢᠭᠤᠷ ᠲᠥᠭᠥᠷᠢᠭ᠎ᠦᠨ ᠬᠣᠯᠪᠣᠭᠳᠠᠯ ᠪᠦᠬᠦᠢ ᠪᠡᠯᠡ ᠮᠥᠩᠭᠥ ᠪᠠᠭᠤᠯᠭᠠᠪᠡ ᠃

ᠰᠤᠷᠭᠠᠨ ᠬᠥᠮᠦᠵᠢᠯ᠎ᠦᠨ ᠪᠠᠲᠤᠯᠠᠭ᠎ᠠ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠡᠴᠡ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠬᠦᠯᠬᠦ ᠠᠵᠢᠯ᠎ᠢ ᠦᠷᠭᠦᠯᠵᠢᠯᠡᠨ ᠴᠢᠩᠭᠠᠳᠬᠠᠵᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ ᠬᠣᠶᠠᠷ ᠱᠠᠲᠤᠨ᠎ᠤ ᠪᠡᠯᠡ ᠮᠥᠩᠭᠥ᠎ᠶᠢ ᠨᠡᠢᠯᠡᠭᠦᠯᠵᠦ᠂ ᠠᠯᠪᠠᠨ ᠵᠢᠷᠤᠮ ᠤ᠋ᠨ ᠰᠤᠷᠭᠠᠨ ᠬᠥᠮᠦᠵᠢᠯ᠎ᠦᠨ ᠱᠠᠲᠤᠨ᠎ᠤ ᠲᠤᠰᠬᠠᠢ ᠪᠡᠯᠡ ᠮᠥᠩᠭᠥ᠎ᠶᠢ 58.65 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠬᠤᠳᠠ ᠬᠥᠳᠡᠭᠡ᠎ᠶᠢᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠨᠥᠬᠥᠪᠦᠷᠢ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠦ ᠪᠠᠲᠤᠯᠠᠭ᠎ᠠ᠂ ᠰᠤᠷᠭᠠᠭᠤᠯᠢ ᠡᠷᠬᠢᠯᠡᠬᠦ ᠨᠥᠬᠥᠴᠡᠯ᠎ᠢ ᠳᠡᠭᠡᠭᠰᠢᠯᠡᠭᠦᠯᠬᠦ᠂ ᠦᠵᠡᠯ ᠰᠠᠨᠠᠭ᠎ᠠ ᠤᠯᠤᠰ ᠲᠦᠷᠦ ᠪᠠ ᠪᠡᠶ᠎ᠡ᠎ᠶᠢᠨ ᠲᠠᠮᠢᠷ ᠭᠤᠸ᠎ᠠ ᠰᠠᠢᠬᠠᠨ ᠬᠥᠳᠡᠯᠮᠦᠷᠢ᠎ᠶᠢᠨ ᠰᠤᠷᠭᠠᠨ ᠬᠥᠮᠦᠵᠢᠯ ᠵᠡᠷᠭᠡ ᠭᠣᠣᠯᠳᠠᠯᠭ᠎ᠠ᠎ᠲᠠᠢ ᠬᠦᠷᠢᠶ᠎ᠡ᠎ᠶᠢ ᠬᠠᠮᠤᠷᠤᠭᠤᠯᠵᠤ᠂ ᠠᠯᠪᠠᠨ ᠵᠢᠷᠤᠮ ᠤ᠋ᠨ ᠰᠤᠷᠭᠠᠨ ᠬᠥᠮᠦᠵᠢᠯ᠎ᠦᠨ 《ᠬᠣᠶᠠᠷ᠎ᠢ ᠬᠡᠯᠲᠦᠷᠢᠭᠦᠯᠵᠦ ᠬᠣᠶᠠᠷ᠎ᠢ ᠨᠥᠬᠥᠪᠦᠷᠢᠯᠡᠬᠦ》 ᠲᠦᠷᠦ᠎ᠶᠢᠨ ᠪᠣᠳᠣᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ 《ᠬᠣᠶᠠᠷ᠎ᠢ ᠬᠦᠨᠭᠭᠡᠷᠡᠬᠦᠯᠬᠦ》 ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶᠢ ᠪᠠᠲᠤᠯᠠᠵᠤ᠂ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢᠨ ᠳᠤᠲᠠᠭᠤᠳᠠᠯ᠎ᠢ ᠲᠠᠰᠤᠷᠠᠯᠳᠠ ᠦᠭᠡᠢ ᠨᠥᠬᠥᠪᠦᠷᠢᠯᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃

ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ᠎ᠶᠢᠨ ᠬᠠᠮᠢᠶ᠎ᠠ ᠪᠦᠬᠦᠢ ᠲᠤᠰᠬᠠᠢ ᠪᠡᠯᠡ ᠮᠥᠩᠭᠥ᠎ᠶᠢ 2.41 ᠳ᠋ᠦᠩᠰᠢᠭᠤᠷ ᠲᠥᠭᠥᠷᠢᠭ ᠪᠠᠭᠤᠯᠭᠠᠵᠤ᠂ ᠪᠠᠭ᠍ᠰᠢ᠎ᠶᠢᠨ ᠲᠤᠬᠠᠢᠯᠠᠭᠰᠠᠨ ᠠᠵᠢᠯ᠎ᠤᠨ ᠪᠣᠯᠪᠠᠰᠤᠷᠠᠯ᠂ ᠡᠯ᠎ᠡ ᠲᠥᠷᠥᠯ᠎ᠦᠨ ᠪᠠᠭ᠍ᠰᠢ᠎ᠶᠢᠨ ᠣᠯᠭᠣᠮᠵᠢ ᠨᠥᠬᠥᠪᠦᠷᠢ ᠵᠡᠷᠭᠡ᠎ᠳᠦ ᠭᠣᠣᠯᠳᠠᠯᠭ᠎ᠠ᠎ᠲᠠᠢ ᠬᠡᠷᠡᠭᠯᠡᠪᠡ᠃ ᠡᠳ᠋᠎ᠦᠨ ᠵᠠᠰᠠᠭ᠎ᠤᠨ ᠪᠡᠯᠡ ᠮᠥᠩᠭᠥ᠎ᠪᠡᠷ ᠣᠨᠣᠪᠴᠢᠲᠠᠶ ᠳᠡᠮᠵᠢᠬᠦ᠎ᠪᠡᠷ ᠳᠡᠮᠵᠢᠨ᠂ ᠪᠠᠭ᠍ᠰᠢ᠎ᠶᠢᠨ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠪᠠᠭ᠍ᠰᠢ᠎ᠶᠢᠨ ᠬᠦᠴᠦᠨ᠎ᠦ ᠳᠤᠲᠠᠭᠤᠳᠠᠯ᠎ᠢ ᠨᠥᠬᠥᠪᠦᠷᠢᠯᠡᠵᠦ᠂ ᠪᠥᠬᠥ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠭ᠍ᠰᠢ᠎ᠶᠢᠨ ᠡᠩᠨᠡᠭᠡ ᠶ᠋ᠢᠨ ᠪᠦᠬᠦᠯᠢ ᠴᠣᠭᠴᠠ᠎ᠶᠢᠨ ᠪᠠᠢᠭᠤᠯᠤᠯᠲᠠ᠎ᠶᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠵᠢᠨ ᠴᠢᠳᠠᠪᠤᠷᠢᠲᠠᠨ᠎ᠤ ᠰᠠᠭᠤᠷᠢ᠎ᠶᠢ ᠪᠠᠲᠤᠳᠬᠠᠪᠠ ᠃

ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠨᠢ ᠲᠤᠰᠬᠠᠢ ᠵᠣᠭᠣᠰ᠎ᠢ ᠲᠤᠰᠬᠠᠢ ᠬᠡᠷᠡᠭᠯᠡᠬᠦ ᠵᠠᠷᠴᠢᠮ᠎ᠢ ᠪᠠᠷᠢᠮᠲᠠᠯᠠᠨ᠂ ᠨᠡᠶ᠋ᠢᠲᠡ᠎ᠶᠢᠨ ᠬᠡᠷᠡᠭᠯᠡᠭᠡᠨ᠎ᠦ ᠵᠠᠷᠤᠳᠠᠯ᠂ ᠰᠤᠷᠤᠭ᠍ᠴᠢᠳ᠎ᠤᠨ ᠰᠢᠮ᠎ᠡ ᠲᠡᠵᠢᠭᠡᠯᠲᠦ ᠬᠣᠭᠣᠯᠠᠨ᠎ᠤ ᠪᠡᠯᠡ ᠮᠥᠩᠭᠥ᠂ ᠭᠡᠷ᠎ᠦᠨ ᠠᠮᠢᠳᠤᠷᠠᠯ ᠨᠢ ᠬᠦᠴᠢᠷᠳᠡᠯᠲᠡᠢ ᠰᠤᠷᠤᠭ᠍ᠴᠢᠳ᠎ᠤᠨ ᠠᠮᠢᠳᠤᠷᠠᠯ᠎ᠤᠨ ᠨᠥᠬᠥᠪᠦᠷᠢ᠂ ᠬᠢᠴᠢᠶᠡᠯ ᠦ᠋ᠨ ᠳᠠᠷᠠᠭᠠᠬᠢ ᠦᠢᠯᠡᠴᠢᠯᠡᠭᠡᠨ᠎ᠦ ᠨᠥᠬᠥᠪᠦᠷᠢ᠎ᠶᠢ ᠥᠪᠡᠷᠲᠡᠭᠡᠨ ᠵᠠᠰᠠᠬᠤ ᠣᠷᠣᠨ᠎ᠤ ᠲᠤᠰᠬᠠᠢ ᠲᠠᠩᠰᠠᠨ ᠡᠷᠦᠬᠡ᠎ᠳᠦ ᠣᠷᠣᠭᠤᠯᠤᠨ ᠬᠠᠮᠢᠶᠠᠷᠪᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠡᠰᠡᠭ ᠲᠤᠰᠬᠠᠢ ᠵᠦᠢᠯ᠎ᠦᠨ ᠪᠡᠯᠡ ᠮᠥᠩᠭᠥ᠎ᠶᠢ ᠲᠤᠰᠬᠠᠢ ᠵᠦᠢᠯ᠎ᠦᠨ ᠪᠡᠯᠡ ᠮᠥᠩᠭᠥ᠎ᠶᠢ ᠵᠢᠷᠤᠮᠵᠢᠭᠤᠯᠤᠨ ᠬᠠᠮᠢᠶᠠᠷᠬᠤ ᠠᠵᠢᠯᠯᠠᠭ᠎ᠠ᠎ᠶᠢᠨ ᠭᠠᠷᠴᠠᠭ᠎ᠲᠤ ᠣᠷᠣᠭᠤᠯᠵᠤ᠂ ᠬᠠᠮᠢᠶᠠᠷᠤᠯᠲᠠ ᠨᠢ ᠵᠢᠷᠤᠮᠵᠢᠯ ᠦᠭᠡᠢ ᠵᠡᠷᠭᠡ ᠠᠰᠠᠭᠤᠳᠠᠯ ᠳ᠋ᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ᠃ 7 ᠵᠦᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠡᠯᠡ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ᠎ᠳᠤ ᠵᠠᠰᠠᠪᠤᠷᠢ ᠣᠷᠣᠭᠤᠯᠤᠨ ᠨᠡᠢᠲᠡᠯᠡᠵᠦ᠂ ᠪᠡᠯᠡ ᠮᠥᠩᠭᠥ᠎ᠶᠢᠨ ᠵᠠᠷᠤᠯᠭ᠎ᠠ᠎ᠶᠢᠨ ᠠᠵᠢᠯᠯᠠᠭᠠᠨ᠎ᠤ ᠪᠠᠢᠳᠠᠯ᠎ᠢ ᠪᠠᠢᠩᠭᠤᠵᠢᠭᠤᠯᠤᠨ ᠬᠢᠨᠠᠨ ᠡᠵᠡᠮᠳᠡᠵᠦ᠂ ᠰᠤᠷᠭᠠᠨ ᠬᠥᠮᠦᠵᠢᠯ᠎ᠦᠨ ᠵᠠᠷᠤᠳᠠᠯ ᠪᠦᠷᠢ᠎ᠶᠢ ᠴᠥᠮ ᠵᠠᠩᠭᠢᠯᠠᠭ᠎ᠠ᠎ᠶᠢᠨ ᠭᠠᠵᠠᠷ ᠲᠤᠨᠢ ᠬᠡᠷᠡᠭᠯᠡᠬᠦ᠎ᠶᠢ ᠦᠨᠡᠨ ᠬᠦ᠌ ᠪᠠᠲᠤᠯᠠᠪᠠ᠃

ᠢᠷᠡᠯᠳᠡ᠄ ᠳᠠᠯ᠎ᠠ ᠨᠤᠲᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面