ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-10 11:25:26

ᠵᠣᠬᠢᠶᠠᠭ᠍ᠴᠢ᠄ ᠯᠢᠦ ᡁᠢ ᠰᠢᠶᠠᠨ ᠰᠦᠨ ᠬᠤᠩ ᠫᠦ ᠵᠠᠩ ᠴᠧᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠪᠣᠯᠣᠨ ᠵᠢᠨᠢᠩ᠎ᠦᠨ ᠪᠠᠭ᠍ᠰᠢ᠎ᠶᠢᠨ ᠳᠡᠭᠡᠳᠦ ᠰᠤᠷᠭᠠᠭᠤᠯᠢ᠎ᠠᠴᠠ ᠲᠣᠰ ᠲᠤᠰ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠣᠯ᠎ᠤᠨ 2027 ᠤᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠰᠤᠷᠭᠠᠨ ᠬᠥᠮᠦᠵᠢᠯ᠎ᠦᠨ ᠲᠥᠷᠥᠯ᠎ᠦᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠵᠢᠴᠢ ᠨᠠᠮᠤᠷ᠎ᠤᠨ ᠤᠯᠠᠷᠢᠯ᠎ᠤᠨ ᠲᠣᠮᠣ᠌ ᠬᠡᠯᠪᠡᠷᠢ᠎ᠶᠢᠨ ᠠᠵᠢᠯᠲᠠᠨ ᠡᠯᠰᠡᠬᠦ ᠴᠤᠭᠯᠠᠭᠠᠨ ᠢᠵᠢᠯ ᠠᠯᠬᠤᠮ᠎ᠢᠶᠠᠷ ᠶᠠᠪᠤᠭᠳᠠᠪᠠ᠃ ᠬᠣᠶᠠᠷ ᠲᠠᠯᠠᠪᠠᠶ ᠠᠵᠢᠯᠲᠠᠨ ᠡᠯᠰᠡᠬᠦ ᠴᠤᠭᠯᠠᠭᠠᠨ᠎ᠢ ᠲᠣᠭᠣᠷᠢᠭ᠋ ᠬᠤᠪᠢᠶᠠᠨ ᠥᠷᠨᠢᠭᠦᠯᠵᠦ᠂ ᠬᠠᠮᠵᠢᠯᠴᠠᠨ ᠬᠥᠳᠡᠯᠦᠯᠴᠡᠵᠦ᠂ ᠬᠥᠮᠥᠨ ᠬᠡᠷᠡᠭᠯᠡᠬᠦ ᠨᠢᠭᠡᠴᠢ ᠬᠢᠭᠡᠳ ᠲᠡᠭᠦᠰᠬᠦ ᠤᠶᠤᠲᠠᠳ᠎ᠤᠨ ᠬᠣᠶᠠᠷ ᠲᠠᠯ᠎ᠠ᠎ᠶᠢᠨ ᠰᠣᠩᠭᠣᠯᠲᠠ ᠵᠢᠨ ᠲᠠᠪᠴᠠᠩ᠎ᠢ ᠲᠤᠢᠯ᠎ᠤᠨ ᠣᠨᠣᠪᠴᠢᠲᠠᠶ᠎ᠪᠠᠷ ᠪᠠᠢᠭᠤᠯᠪᠠ᠃

ᠬᠣᠶᠠᠷ ᠤᠳᠠᠭᠠᠨ᠎ᠤ ᠠᠵᠢᠯᠲᠠᠨ ᠡᠯᠰᠡᠬᠦ ᠴᠤᠭᠯᠠᠭᠠᠨ ᠨᠢ ᠰᠤᠷᠭᠠᠨ ᠬᠥᠮᠦᠵᠢᠯ᠎ᠦᠨ ᠲᠥᠷᠥᠯ᠎ᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠬᠤ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠣᠷᠣᠨ᠎ᠤ ᠡᠯ᠎ᠡ ᠭᠠᠵᠠᠷ᠎ᠤᠨ ᠰᠤᠷᠭᠠᠨ ᠬᠥᠮᠦᠵᠢᠯ᠎ᠦᠨ ᠲᠣᠪᠴᠢᠶ᠎ᠠ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠂ ᠵᠢᠭᠠᠬᠤ ᠵᠢ ᠰᠤᠳᠤᠯᠬᠤ ᠪᠠᠢᠭᠤᠯᠤᠮᠵᠢ ᠵᠡᠷᠭᠡ ᠰᠤᠷᠭᠠᠨ ᠬᠥᠮᠦᠵᠢᠯ᠎ᠦᠨ ᠲᠥᠷᠥᠯ᠎ᠦᠨ ᠬᠥᠮᠥᠨ ᠬᠡᠷᠡᠭᠯᠡᠬᠦ ᠨᠢᠭᠡᠴᠢ᠎ᠶᠢ ᠤᠷᠢᠵᠤ᠂ ᠠᠵᠢᠯ᠎ᠤᠨ ᠪᠠᠢᠷᠢ ᠨᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠳᠤᠮᠳᠠᠳᠤ ᠪᠠᠭ᠎ᠠ ᠰᠤᠷᠭᠠᠭᠤᠯᠢ᠎ᠶᠢᠨ ᠡᠯ᠎ᠡ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠂ ᠰᠤᠷᠭᠠᠨ ᠬᠥᠮᠦᠵᠢᠯ᠎ᠦᠨ ᠬᠠᠮᠢᠶᠠᠷᠤᠯᠲᠠ᠂ ᠵᠢᠭᠠᠬᠤ ᠵᠢ ᠵᠢᠯᠤᠭᠤᠳᠬᠤ ᠵᠢᠭᠠᠬᠤ ᠵᠢ ᠰᠤᠳᠤᠯᠬᠤ ᠵᠡᠷᠭᠡ ᠴᠢᠭᠯᠡᠯ᠎ᠢ ᠬᠠᠮᠤᠷᠴᠤ᠂ ᠰᠤᠷᠭᠠᠨ ᠬᠥᠮᠦᠵᠢᠯ᠎ᠦᠨ ᠲᠥᠷᠥᠯ᠎ᠦᠨ ᠲᠤᠰᠬᠠᠢ ᠮᠡᠷᠭᠡᠵᠢᠯ ᠲᠡᠭᠦᠰᠦᠭᠰᠡᠳ᠎ᠦᠨ ᠠᠵᠢᠯ ᠡᠷᠢᠬᠦ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠶ ᠲᠣᠬᠢᠷᠠᠭᠤᠯᠪᠠ᠃ ᠬᠣᠶᠠᠷ ᠲᠠᠯᠠᠪᠠᠢ ᠠᠵᠢᠯᠲᠠᠨ ᠡᠯᠰᠡᠬᠦ ᠴᠤᠭᠯᠠᠭᠠᠨ᠎ᠳᠤ ᠣᠷᠣᠨ᠎ᠤ ᠳᠣᠲᠣᠨ᠎ᠠ ᠭᠠᠳᠠᠨᠠᠬᠢ 210 ᠬᠥᠮᠥᠨ ᠬᠡᠷᠡᠭᠯᠡᠬᠦ ᠨᠢᠭᠡᠴᠢ ᠣᠷᠣᠯᠴᠠᠵᠤ᠂ 6000 ᠰᠢᠬᠠᠮ ᠠᠵᠢᠯ᠎ᠤᠨ ᠪᠠᠢᠷᠢ ᠬᠠᠩᠭᠠᠪᠠ᠃

ᠠᠵᠢᠯᠲᠠᠨ ᠡᠯᠰᠡᠬᠦ ᠴᠤᠭᠯᠠᠭᠠᠨ᠎ᠳᠤ ᠴᠥᠮ ᠠᠵᠢᠯ ᠣᠯᠭᠣᠬᠤ ᠦᠢᠯᠡᠴᠢᠯᠡᠭᠡᠨ᠎ᠦ ᠠᠰᠠᠭᠤᠨ ᠯᠠᠪᠯᠠᠬᠤ ᠲᠤᠰᠬᠠᠢ ᠲᠣᠭᠣᠷᠢᠭ᠋ ᠭᠠᠷᠭᠠᠵᠤ᠂ ᠠᠵᠢᠯ ᠣᠯᠭᠣᠬᠤ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠂ ᠲᠣᠪᠴᠢ ᠨᠠᠮᠲᠠᠷ᠎ᠢ ᠰᠢᠯᠢᠳᠡᠭᠵᠢᠭᠦᠯᠬᠦ᠂ ᠠᠵᠢᠯ ᠡᠷᠢᠬᠦ ᠵᠢᠯᠣᠭᠣᠳᠤᠮᠵᠢ᠂ ᠦᠨᠳᠦᠰᠦᠨ ᠱᠠᠲᠤᠨ᠎ᠤ ᠠᠵᠢᠯ ᠣᠯᠭᠣᠬᠤ ᠲᠥᠷᠥᠯ ᠵᠦᠢᠯ᠎ᠦᠨ ᠠᠰᠠᠭᠤᠨ ᠯᠠᠪᠯᠠᠭ᠎ᠠ ᠵᠡᠷᠭᠡ ᠨᠢᠭᠡ ᠥᠷᠲᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡ ᠬᠠᠩᠭᠠᠵᠤ᠂ ᠨᠠᠩ ᠣᠯᠠᠨ ᠰᠤᠷᠭᠠᠨ ᠬᠥᠮᠦᠵᠢᠯ᠎ᠦᠨ ᠲᠥᠷᠥᠯ᠎ᠦᠨ ᠲᠡᠭᠦᠰᠬᠦ ᠣᠶᠤᠲᠠᠳ᠎ᠢ ᠥᠪᠥᠷ ᠮᠣᠩᠭᠣᠯ᠎ᠳᠤ ᠦᠨᠳᠦᠰᠦᠯᠡᠭᠦᠯᠦᠨ᠂ ᠦᠨᠳᠦᠰᠦᠨ ᠱᠠᠲᠤᠨ᠎ᠤ ᠰᠤᠷᠭᠠᠨ ᠬᠥᠮᠦᠵᠢᠯ᠎ᠦᠨ ᠦᠢᠯᠡᠰ᠎ᠦᠨ ᠬᠥᠭᠵᠢᠯᠲᠡ᠎ᠳᠦ ᠦᠢᠯᠡᠴᠢᠯᠡᠭᠦᠯᠬᠦ ᠪᠡᠷ ᠬᠦᠲᠦᠯᠦᠨ ᠵᠢᠯᠤᠭᠤᠳᠴᠠᠢ᠃

ᠣᠢᠯᠠᠭᠠᠭᠰᠠᠨ᠎ᠢᠶᠠᠷ᠂ ᠠᠵᠢᠯᠲᠠᠨ ᠡᠯᠰᠡᠬᠦ ᠴᠤᠭᠯᠠᠭᠠᠨ ᠨᠢ ᠥᠪᠥᠷ ᠮᠣᠩᠭᠣᠯ᠎ᠤᠨ ᠣᠶᠤᠲᠠᠳ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠠᠪᠴᠠᠩ᠎ᠳᠤ ᠲᠦᠰᠢᠭᠯᠡᠨ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠪᠠᠨ ᠤᠷᠢᠳᠴᠢᠯᠠᠨ ᠨᠡᠢᠲᠡᠯᠡᠵᠦ᠂ ᠲᠡᠭᠦᠰᠬᠦ ᠤᠶᠤᠲᠠᠳ᠎ᠤᠨ ᠠᠵᠢᠯ᠎ᠤᠨ ᠪᠠᠢᠷᠢ᠎ᠶᠢᠨ ᠨᠥᠬᠥᠴᠡᠯ᠂ ᠬᠥᠯᠥᠰᠦ ᠣᠯᠭᠣᠮᠵᠢ ᠵᠡᠷᠭᠡ ᠮᠡᠳᠡᠭᠡ ᠵᠠᠩᠭᠢ᠎ᠶᠢ ᠣᠢᠯᠠᠭᠠᠬᠤ᠎ᠳᠤ ᠲᠥᠬᠥᠮ ᠦᠵᠡᠭᠦᠯᠦᠨ᠂ ᠲᠡᠭᠦᠰᠬᠦ ᠰᠤᠷᠤᠭ᠍ᠴᠢᠳ᠎ᠲᠤ ᠠᠵᠢᠯ ᠣᠯᠭᠣᠬᠤ᠎ᠳᠤ ᠨᠠᠩ ᠬᠠᠯᠠᠭᠤᠮᠰᠤᠭ᠂ ᠨᠠᠷᠢᠯᠢᠭ᠋ ᠦᠢᠯᠡᠴᠢᠯᠡᠭᠡ ᠬᠠᠩᠭᠠᠬᠤ᠎ᠪᠠᠷ ᠬᠦᠴᠦᠯᠡᠨ ᠴᠢᠷᠮᠠᠢᠵᠠᠢ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠭᠡᠷ᠎ᠡ ᠲᠣᠭᠲᠠᠬᠤ ᠠᠬᠢᠴᠠ᠎ᠶᠢ ᠦᠷᠭᠦᠯᠵᠢᠯᠡᠨ ᠳᠠᠭᠠᠵᠤ᠂ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢᠶᠠᠨ ᠥᠷᠭᠡᠳᠬᠡᠨ᠂ ᠵᠢᠭᠠᠨ ᠵᠢᠯᠤᠭᠣᠳᠬᠤ ᠦᠢᠯᠡᠴᠢᠯᠡᠭᠡ᠎ᠪᠡᠨ ᠰᠢᠯᠢᠳᠡᠭᠵᠢᠭᠦᠯᠵᠦ᠂ ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ᠎ᠶᠢ ᠥᠷᠭᠡᠳᠬᠡᠬᠦ᠂ ᠲᠤᠰᠬᠠᠢ ᠲᠠᠯᠠᠪᠠᠶ ᠤᠬᠠᠭᠤᠯᠤᠨ ᠲᠠᠢᠯᠪᠤᠷᠢᠯᠠᠬᠤ ᠪᠠ ᠣᠨᠣᠴᠠᠲᠠᠢ᠎ᠪᠠᠷ ᠬᠦᠷᠭᠡᠬᠦ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ 2027 ᠣᠨ᠎ᠳᠤ ᠲᠡᠭᠦᠰᠬᠦ ᠣᠶᠤᠲᠠᠳ᠎ᠤᠨ ᠠᠵᠢᠯ᠎ᠤᠨ ᠪᠠᠢᠷᠢ᠎ᠶᠢᠨ ᠠᠩᠬᠠᠨ᠎ᠤ ᠠᠯᠬᠤᠮ᠎ᠢ ᠰᠠᠢᠲᠤᠷ ᠠᠯᠬᠤᠬᠤ᠎ᠶᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠨ᠎ᠠ ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面