2026-11-12 11:50:11
ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠳᠠ᠎ᠶᠢᠨ ᠬᠤᠷᠢᠶᠠᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭᠰᠡᠨ 2026 ᠣᠨ᠎ᠤ ᠦᠪᠦᠷ ᠮᠤᠩᠭᠤᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠵᠢᠴᠢ ᠳᠣᠯᠣᠳᠤᠭᠠᠷ ᠬᠤᠭᠤᠴᠠᠭᠠᠨ᠎ᠤ 《ᠮᠣᠩᠭᠣᠯ ᠮᠣᠷᠢ ᠬᠤᠨᠳᠠᠭᠠᠲᠤ》 ᠰᠤᠷᠤᠭ᠍ᠴᠢᠳ᠎ᠤᠨ ᠳᠤᠭᠤᠢᠯᠠᠩ᠎ᠤᠨ ᠰᠦᠯᠵᠢᠶᠡᠨ᠎ᠦ ᠠᠮᠤᠷ ᠲᠦᠪᠰᠢᠨ᠎ᠦ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ ᠃
ᠤᠷᠤᠯᠳᠤᠭᠠᠨ ᠨᠢ 《ᠤᠮᠠᠷᠠᠲᠤ᠎ᠶᠢᠨ ᠳᠤᠭᠠᠴᠢᠯᠠᠭᠰᠠᠨ ᠤᠶᠤᠨᠴᠢ ᠬᠠᠯᠬᠠᠪᠴᠢ᠎ᠶᠢ ᠪᠡᠬᠢᠵᠢᠭᠦᠯᠵᠦ ᠰᠤᠷᠭᠠᠨ ᠬᠥᠮᠦᠵᠢᠯ᠎ᠦᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠰᠢᠨ᠎ᠡ ᠠᠶᠠᠨ᠎ᠢ ᠬᠠᠮᠠᠭᠠᠯᠠᠬᠤ》 ᠪᠡᠷ ᠭᠣᠣᠯ ᠰᠡᠳᠦᠪ ᠪᠣᠯᠭᠠᠵᠤ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠤᠬᠠᠭᠤᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠠᠢᠭᠤᠯᠤᠯᠲᠠ᠎ᠶᠢ ᠠᠬᠢᠭᠤᠯᠬᠤ》 ᠬᠡᠯᠪᠡᠷᠢ᠎ᠪᠡᠷ ᠰᠦᠯᠵᠢᠶᠡᠨ᠎ᠦ ᠠᠮᠤᠷ ᠲᠦᠪᠰᠢᠨ᠎ᠦ ᠮᠡᠷᠭᠡᠵᠢᠯ᠎ᠦᠨ ᠴᠢᠳᠠᠪᠤᠷᠢᠲᠠᠨ᠎ᠢ ᠭᠦᠨᠵᠡᠭᠡᠢ ᠠᠭᠤᠳᠠᠯᠤᠨ ᠬᠥᠮᠥᠵᠢᠭᠦᠯᠵᠦ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲ᠋ᠧᠮ᠎ᠤᠨ ᠰᠦᠯᠵᠢᠶᠡᠨ᠎ᠦ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠵᠢ ᠵᠤᠷᠢᠵᠠᠢ᠃
ᠤᠷᠤᠯᠳᠤᠭᠠᠨ᠎ᠢ ᠪᠠᠢᠭᠤᠯᠭ᠎ᠠ᠎ᠶᠢᠨ ᠳᠤᠭᠤᠢᠯᠠᠩ ᠪᠠ ᠰᠣᠷᠣᠭ᠍ᠴᠢ᠎ᠶᠢᠨ ᠳᠤᠭᠤᠢᠯᠠᠩ ᠭᠡᠵᠦ ᠬᠣᠶᠠᠷ ᠬᠤᠪᠢᠶᠠᠵᠤ᠂ ᠰᠦᠯᠵᠢᠶᠡᠨ ᠳᠡᠭᠡᠷᠡᠬᠢ ᠤᠷᠢᠳᠴᠢᠯᠠᠨ ᠰᠣᠩᠭᠣᠬᠤ ᠤᠷᠤᠯᠳᠤᠭᠠᠨ ᠪᠠ ᠠᠬᠤᠢ ᠳᠠᠯᠠᠪᠠᠢ ᠵᠢᠨ ᠰᠢᠢᠳᠪᠦᠷᠢᠲᠦ ᠤᠷᠤᠯᠳᠤᠭᠠᠨ᠎ᠢ ᠤᠶᠠᠯᠳᠤᠭᠤᠯᠬᠤ ᠬᠡᠯᠪᠡᠷᠢ ᠪᠡᠷ ᠶᠠᠪᠤᠭᠳᠠᠭᠤᠯᠪᠠ᠃ ᠤᠷᠤᠯᠳᠤᠭᠠᠨ ᠨᠢ ᠵᠣᠬᠢᠶᠠᠮᠠᠯ ᠤᠶᠤᠨ ᠴᠢᠳᠠᠪᠤᠷᠢ᠎ᠶᠢᠨ ᠠᠮᠤᠷ ᠲᠦᠪᠰᠢᠨ᠂ ᠰᠤᠷᠭᠠᠨ ᠬᠥᠮᠦᠵᠢᠯ᠎ᠦᠨ ᠲᠣᠭ᠎ᠠ ᠪᠠᠷᠢᠮᠲᠠ᠎ᠶᠢᠨ ᠰᠡᠷᠭᠡᠢᠯᠡᠯᠲᠡ᠂ ᠰᠦᠯᠵᠢᠶᠡᠨ᠎ᠦ ᠳᠠᠭᠠᠷᠢᠯᠲᠠ ᠰᠡᠷᠭᠡᠢᠯᠡᠯᠲᠡ᠎ᠶᠢᠨ ᠪᠣᠳᠠᠲᠤ ᠪᠠᠢᠯᠳᠤᠭᠠᠨ᠂ ᠳᠤᠲᠠᠭᠳᠠᠯ᠎ᠢ ᠪᠠᠴᠢᠮ ᠠᠷᠭᠠᠴᠠᠭᠠᠨ ᠰᠢᠢᠳᠪᠦᠷᠢᠯᠡᠬᠦ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ CTF ᠵᠢᠨ ᠲᠤᠭ ᠪᠤᠯᠢᠶᠠᠬᠤ ᠤᠷᠤᠯᠳᠤᠭᠠᠨ ᠪᠠ AWDP ᠵᠢᠨ ᠳᠠᠭᠠᠷᠢᠯᠲᠠ ᠰᠡᠷᠭᠡᠢᠯᠡᠯᠲᠡ᠎ᠶᠢᠨ ᠦᠷᠢᠰᠦᠯᠳᠦᠬᠡᠨ᠎ᠳᠤ ᠤᠷᠤᠯᠳᠤᠭᠠᠨ ᠭᠡᠬᠦ ᠬᠣᠶᠠᠷ ᠭᠣᠭᠴᠣᠭ᠎ᠠ᠎ᠶᠢ ᠲᠣᠬᠢᠷᠠᠭᠤᠯᠵᠤ᠂ ᠤᠷᠤᠯᠳᠤᠭᠠᠨ᠎ᠳᠤ ᠣᠷᠣᠯᠴᠠᠭᠰᠠᠳ᠎ᠤᠨ ᠰᠦᠯᠵᠢᠶᠡᠨ᠎ᠦ ᠠᠮᠤᠷ ᠲᠦᠪᠰᠢᠨ᠎ᠦ ᠬᠦᠷᠢᠶᠡᠨ᠎ᠳᠡᠬᠢ ᠤᠨᠤᠯ᠎ᠤᠨ ᠮᠡᠳᠡᠯᠭᠡ᠂ ᠮᠡᠷᠭᠡᠵᠢᠯ᠎ᠦᠨ ᠲᠦᠪᠰᠢᠨ ᠪᠠ ᠪᠣᠳᠠᠲᠤ ᠪᠠᠢᠯᠳᠤᠭᠠᠨ᠎ᠤ ᠴᠢᠳᠠᠪᠤᠷᠢ᠎ᠶᠢ ᠪᠦᠬᠦ ᠲᠠᠯ᠎ᠠ᠎ᠪᠠᠷ ᠰᠢᠨᠵᠢᠯᠡᠨ ᠪᠠᠢᠴᠠᠭᠠᠪᠠ᠃
ᠤᠷᠤᠯᠳᠤᠭᠠᠨ᠎ᠤ ᠳ᠋ᠦᠩ ᠳ᠋ᠤ ᠪᠠᠢᠭᠤᠯᠭ᠎ᠠ᠎ᠶᠢᠨ ᠳᠤᠭᠤᠢᠯᠠᠩ ᠪᠠ ᠰᠣᠷᠣᠭ᠍ᠴᠢ᠎ᠶᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯᠳᠤ 1 ᠨᠡᠷᠡᠰ᠂ ᠬᠣᠶᠠᠳᠤᠭᠠᠷ ᠳᠡᠰ᠎ᠤᠨ ᠱᠠᠩᠨᠠᠯᠳᠤ 2 ᠨᠡᠷᠡᠰ᠂ ᠭᠤᠷᠪᠠᠳᠤᠭᠠᠷ ᠳᠡᠰ᠎ᠤᠨ ᠱᠠᠩᠨᠠᠯᠳᠤ 3 ᠨᠡᠷᠡᠰ ᠵᠢᠴᠢ ᠰᠢᠯᠢᠳᠡᠭ ᠱᠠᠩᠨᠠᠯᠳᠤ 4 ᠨᠡᠷᠡᠰ ᠢ᠋ ᠰᠢᠯᠭᠠᠷᠠᠭᠤᠯᠪᠠ᠃ ᠲᠣᠰ ᠤᠳᠠᠭᠠᠨ᠎ᠤ ᠤᠷᠤᠯᠳᠤᠭᠠᠨ ᠨᠢ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠰᠦᠯᠵᠢᠶᠡᠨ᠎ᠦ ᠠᠮᠤᠷ ᠲᠦᠪᠰᠢᠨ᠎ᠦ ᠴᠢᠳᠠᠪᠤᠷᠢᠲᠠᠨ᠎ᠳᠤ ᠠᠪᠢᠶᠠᠰ ᠴᠢᠳᠠᠪᠤᠷᠢ᠎ᠪᠠᠨ ᠳᠡᠯᠭᠡᠨ ᠦᠵᠡᠭᠦᠯᠬᠦ᠂ ᠤᠷ᠎ᠠ ᠮᠡᠷᠭᠡᠵᠢᠯ᠎ᠢᠶᠡᠨ ᠰᠣᠯᠢᠯᠴᠠᠬᠤ ᠲᠠᠪᠴᠠᠩ ᠬᠠᠩᠭᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠪᠣᠳᠠᠲᠤ ᠰᠣᠷᠢᠯᠲᠠ᠎ᠪᠠᠷ ᠳᠡᠮᠵᠢᠨ ᠤᠷᠤᠯᠳᠤᠭᠠᠨ᠎ᠳᠤ ᠣᠷᠣᠯᠴᠠᠭᠰᠠᠳ᠎ᠤᠨ ᠰᠦᠯᠵᠢᠶᠡᠨ᠎ᠦ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢ᠎ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠪᠠᠢᠨ᠎ᠠ᠃
ᠣᠢᠷ᠎ᠠ᠎ᠶᠢᠨ ᠵᠢᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠤᠨ ᠬᠢᠨ ᠰᠦᠯᠵᠢᠶᠡᠨ᠎ᠦ ᠠᠮᠤᠷ ᠲᠦᠪᠰᠢᠨ᠎ᠦ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ᠂ ᠲᠤᠰᠬᠠᠢ ᠮᠡᠷᠭᠡᠵᠢᠯ᠎ᠦᠨ ᠠᠵᠢᠯᠲᠠᠨ᠎ᠤ ᠪᠣᠯᠪᠠᠰᠤᠷᠠᠯ᠎ᠢ ᠯᠠᠪᠳᠠᠭᠤᠨ ᠪᠠᠲᠤᠲᠠᠢ ᠠᠬᠢᠭᠤᠯᠬᠤ᠂ ᠰᠦᠯᠵᠢᠶᠡᠨ᠎ᠦ ᠠᠮᠤᠷ ᠲᠦᠪᠰᠢᠨ᠎ᠦ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ᠎ᠢ ᠴᠢᠩᠭᠠᠷᠠᠭᠤᠯᠬᠤ᠂ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠰᠦᠯᠵᠢᠶᠡᠨ᠎ᠦ ᠠᠮᠤᠷ ᠲᠦᠪᠰᠢᠨ᠎ᠦ ᠤᠬᠠᠮᠰᠠᠷ ᠪᠠ ᠰᠡᠷᠭᠡᠢᠯᠡᠨ ᠬᠠᠮᠠᠭᠠᠯᠠᠬᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠢᠭ᠎ᠠ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃