2026-11-16 17:03:00
《ᠠᠶ᠎ᠠ ᠳᠠᠭᠤᠤ᠎ᠳ᠋ᠤ ᠰᠢᠩᠭᠡᠭᠰᠡᠨ ᠢᠲᠡᠭᠡᠯ ᠪᠢᠰᠢᠷᠡᠯ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ ᠵᠢᠴᠢ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ᠎ᠤ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ ᠳᠠᠭᠤᠤ ᠬᠥᠭᠵᠢᠮ᠎ᠳᠤ ᠨᠠᠮ᠎ᠤᠨ ᠬᠢᠴᠢᠶᠡᠯ ᠲᠦᠷᠦᠭᠦᠭᠡᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭᠳᠠᠪᠠ᠃
ᠳᠤᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠤᠳᠴᠤ᠂ ᠥᠪᠥᠷ ᠮᠣᠩᠭᠣᠯ᠎ᠤᠨ ᠶᠡᠬᠡ ᠰᠤᠷᠭᠠᠭᠤᠯᠢᠡᠴᠨ ᠭᠣᠣᠯᠯᠠᠨ ᠡᠷᠭᠢᠯᠡᠵᠦ᠂ ᠵᠠᠭᠤᠨ ᠵᠢᠯ᠎ᠦᠨ ᠨᠠᠮ᠎ᠤᠨ ᠲᠡᠦᠬᠡ᠎ᠪᠡᠷ ᠭᠣᠣᠯ ᠰᠢᠵᠢᠮ ᠪᠣᠯᠭᠠᠵᠤ᠂ ᠳᠠᠭᠤᠤ ᠬᠥᠭᠵᠢᠮ᠂ ᠪᠥᠵᠢᠭ᠂ ᠤᠷᠠᠨ ᠤᠩᠰᠢᠯᠭ᠎ᠠ ᠵᠡᠷᠭᠡ ᠤᠷᠠᠯᠢᠭ᠋᠎ᠤᠨ ᠬᠡᠯᠪᠡᠷᠢ ᠵᠢ ᠨᠠᠮ᠎ᠤᠨ ᠲᠡᠦᠬᠡ᠎ᠶᠢᠨ ᠤᠬᠠᠭᠤᠯᠤᠨ ᠲᠠᠢᠯᠪᠤᠷᠢᠯᠠᠯᠳᠠ᠎ᠲᠠᠢ ᠭᠦᠨᠵᠡᠭᠡᠢ ᠤᠶᠠᠯᠳᠤᠭᠤᠯᠵᠤ᠂ ᠠᠭᠤᠤ ᠶᠡᠬᠡ ᠤᠷᠳᠤ ᠵᠠᠮ᠎ᠤᠨ ᠠᠶᠠᠨ ᠲᠠᠢ᠍ᠢᠨ᠎ᠦ ᠵᠣᠷᠢᠭ᠋ ᠰᠠᠨᠠᠭ᠎ᠠ᠂ ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠶᠢ ᠰᠢᠨ᠎ᠡ ᠰᠣᠷᠭᠣᠭ ᠦᠵᠡᠯ ᠰᠠᠨᠠᠭ᠎ᠠ ᠤᠯᠤᠰ ᠲᠦᠷᠦ᠎ᠶᠢᠨ ᠠᠭᠤᠯᠭ᠎ᠠ ᠪᠣᠯᠭᠠᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ ᠪᠠ ᠤᠷᠠᠯᠢᠭ᠋ ᠵᠢᠡᠷ ᠤᠮᠳᠠᠯᠠᠬᠤ ᠵᠢ ᠣᠷᠭᠠᠨᠢᠭ᠋᠎ᠢᠶᠠᠷ ᠠᠭᠤᠰᠤᠯᠴᠠᠭᠤᠯᠵᠠᠢ᠃ ᠪᠠᠭ᠍ᠰᠢ ᠰᠤᠷᠤᠭ᠍ᠴᠢᠳ ᠬᠤᠪᠢᠰᠬᠠᠯᠳᠤ ᠳᠠᠭᠤᠤ ᠵᠢ ᠤᠯᠠᠮᠵᠢᠯᠠᠨ ᠳᠠᠭᠤᠯᠠᠬᠤ ᠳᠤᠮᠳᠠ ᠨᠠᠮ᠎ᠤᠨ ᠠᠴᠢ ᠡᠨᠡᠷᠢᠯ᠎ᠢ ᠮᠡᠳᠡᠷᠡᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠨ ᠤᠷᠤᠭᠰᠢᠯᠠᠬᠤ ᠢᠳᠡᠭᠡᠯ ᠵᠤᠷᠢᠭ ᠵᠢᠡᠨ ᠴᠢᠨᠠᠭᠰᠢᠳᠠ ᠬᠦᠪᠴᠢᠯᠡᠪᠡ᠃
ᠳᠠᠭᠤᠤ ᠬᠥᠭᠵᠢᠮᠲᠦ ᠨᠠᠮ᠎ᠤᠨ ᠬᠢᠴᠢᠶᠡᠯ ᠪᠣᠯ ᠥᠪᠡᠷᠲᠡᠭᠡᠨ ᠵᠠᠰᠠᠬᠤ ᠣᠷᠣᠨ᠎ᠤ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠭᠦᠨᠵᠡᠭᠡᠢᠷᠡᠭᠦᠯᠦᠭᠰᠡᠨ ᠨᠢᠭᠡ ᠤᠳᠠᠭ᠎ᠠ᠎ᠶᠢᠨ ᠠᠮᠢᠳᠤᠯᠢᠭ᠋ ᠦᠢᠯᠡᠳᠦᠯᠭᠡ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠰᠢᠨ᠎ᠡ ᠴᠠᠭ ᠦᠶ᠎ᠡ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠢᠨᠵᠧᠨᠧᠷᠢᠩ᠎ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠬᠤᠪᠢᠰᠬᠠᠯᠳᠤ ᠰᠣᠶᠣᠯ᠎ᠤᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠤᠨ ᠰᠠᠢᠲᠤᠷ ᠠᠰᠢᠭ᠍ᠯᠠᠵᠤ᠂ 《ᠦᠵᠡᠯ ᠰᠠᠨᠠᠭ᠎ᠠ ᠤᠯᠤᠰ ᠲᠦᠷᠦ + ᠤᠷᠠᠯᠢᠭ᠋》 ᠤ᠋ᠨ ᠬᠥᠮᠥᠨ᠎ᠢ ᠬᠥᠮᠥᠵᠢᠭᠦᠯᠬᠦ ᠰᠢᠨ᠎ᠡ ᠵᠠᠭᠪᠤᠷ᠎ᠢ ᠡᠭᠦᠳᠴᠦ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠨᠢᠭᠡ ᠴᠣᠭᠴᠠᠵᠢᠭᠤᠯᠬᠤ ᠶ᠋ᠢ ᠠᠬᠢᠭᠤᠯᠵᠤ᠂ ᠪᠦᠬᠦ ᠣᠷᠣᠨ᠎ᠤ ᠵᠠᠯᠠᠭᠤᠴᠤᠳ ᠪᠠᠭᠠᠴᠤᠳ᠎ᠤᠨ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠠᠯᠤᠰ ᠬᠡᠳᠦ᠎ᠶᠢᠨ ᠬᠦᠰᠡᠯᠡᠩ᠎ᠢ ᠪᠤᠢ ᠪᠤᠯᠭᠠᠨ᠂ ᠰᠢᠨ᠎ᠡ ᠴᠠᠭ ᠦᠶ᠎ᠡ᠎ᠶᠢᠨ ᠤᠷᠳᠤ ᠵᠠᠮ᠎ᠤᠨ ᠠᠶᠠᠨ ᠲᠠᠢ᠍ᠢᠨ᠎ᠦ ᠵᠠᠮ᠎ᠢᠶᠠᠷ ᠰᠠᠢᠲᠤᠷ ᠵᠠᠮᠨᠠᠬᠤ ᠵᠢ ᠬᠦᠳᠦᠯᠦᠨ ᠵᠢᠯᠤᠭᠤᠳᠤᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ᠎ᠦᠨ ᠲᠢᠩᠬᠢᠮ᠂ ᠡᠪᠯᠡᠯ᠎ᠦᠨ ᠬᠣᠷᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠥᠬᠡᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃