2026-11-17 10:28:32
ᠤᠢᠷ᠎ᠠ᠎ᠳᠤ᠂ ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠠᠰᠫᠢᠷᠠᠨᠲ᠎ᠤᠨ ᠠᠵᠤ ᠠᠬᠤᠢᠯᠠᠯ᠎ᠳᠤ ᠤᠴᠢᠵᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠢᠯᠡᠳᠦᠯᠭᠡ᠎ᠶᠢᠨ ᠪᠤᠯᠪᠠᠰᠤᠷᠠᠯ ᠦᠷᠨᠢᠬᠦᠯᠬᠦ ᠬᠤᠷᠠᠯ ᠶᠠᠪᠤᠭᠳᠠᠪᠠ᠃
ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ ᠰᠦ᠎ᠶᠢᠨ ᠦᠢᠯᠡᠰ᠂ ᠬᠣᠪᠣᠷ ᠰᠢᠷᠣᠢ᠂ ᠡᠨᠧᠷᠭᠢ ᠵᠡᠷᠭᠡ ᠭᠤᠷᠪᠠᠨ ᠶᠡᠬᠡ ᠳᠠᠪᠠᠭᠤᠯᠢᠭ᠋ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠎ᠦᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠰᠢᠨ᠎ᠡ᠎ᠶᠢ ᠡᠭᠦᠳᠬᠦ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠎ᠶᠢ ᠭᠦᠨᠵᠡᠭᠡᠢ ᠠᠭᠤᠰᠤᠯᠴᠠᠭᠤᠯᠬᠤ ᠰᠢᠨ᠎ᠡ ᠠᠷᠭ᠎ᠠ ᠵᠠᠮ᠎ᠢ ᠴᠢᠷᠮᠠᠢᠨ ᠨᠡᠭᠡᠭᠡᠵᠦ ᠪᠤᠢ᠃ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 4 ᠶᠡᠬᠡ ᠳᠡᠭᠡᠳᠦ ᠰᠤᠷᠭᠠᠭᠤᠯᠢ᠎ᠳᠤ ᠲᠦᠰᠢᠭᠯᠡᠨ᠂ ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ ᠬᠣᠶᠠᠷ ᠬᠤᠭᠤᠴᠠᠭᠠᠨ᠎ᠤ ᠠᠰᠫᠢᠷᠠᠨᠲ ᠳ᠋ᠣᠺᠲ᠋ᠣᠷᠠᠨᠲ ᠢ 226 ᠡᠯᠰᠡᠪᠡ᠃ ᠦᠢᠯᠡᠳᠦᠯᠭᠡ ᠵᠢᠨ ᠪᠣᠯᠪᠠᠰᠤᠷᠠᠯ ᠨᠢ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠵᠤ᠂ ᠰᠤᠷᠭᠠᠭᠤᠯᠢ ᠠᠵᠤ ᠠᠬᠤᠢᠯᠠᠯ᠎ᠤᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠲᠣᠭᠲᠠᠴᠠ᠎ᠶᠢᠨ ᠰᠢᠨ᠎ᠡ᠎ᠶᠢ ᠡᠭᠦᠳᠴᠦ᠂ ᠠᠰᠫᠢᠷᠠᠨᠲ ᠬᠥᠮᠥᠵᠢᠭᠦᠯᠬᠦ ᠶᠠᠰᠤ ᠴᠢᠨᠠᠷ᠎ᠢ ᠲᠠᠰᠤᠷᠠᠯᠲᠠ ᠦᠭᠡᠢ ᠳᠡᠬᠡᠭᠰᠢᠯᠡᠬᠦᠯᠬᠦ ᠵᠢᠨ ᠲᠥᠯᠥᠭᠡ ᠶᠤᠮ᠃
ᠬᠤᠷᠠᠯ᠎ᠠᠴᠠ᠂ ᠠᠰᠫᠢᠷᠠᠨᠲ᠎ᠤᠨ ᠠᠵᠤ ᠠᠬᠤᠢᠯᠠᠯ᠎ᠳᠤ ᠤᠴᠢᠵᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠢᠯᠡᠳᠦᠯᠭᠡ ᠳ᠋ᠤ ᠤᠷᠤᠯᠴᠠᠬᠤ ᠪᠤᠯ ᠰᠤᠷᠭᠠᠨ ᠬᠦᠮᠦᠵᠢᠯ᠎ᠤᠨ ᠶᠠᠮᠤᠨ᠎ᠤ ᠦᠪᠦᠷ ᠮᠤᠩᠭᠤᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠴᠢᠳᠠᠪᠤᠷᠢᠲᠠᠨ᠎ᠢ ᠬᠥᠮᠥᠵᠢᠭᠦᠯᠬᠦ ᠥᠭᠡᠷᠡᠴᠢᠯᠡᠯᠲᠡ᠎ᠶᠢᠨ ᠵᠠᠩᠭᠢᠯᠠᠭ᠎ᠠ᠎ᠶᠢᠨ ᠭᠣᠭᠴᠣᠭ᠎ᠠ ᠪᠣᠯᠣᠨ᠎ᠠ᠃ ᠠᠵᠤ ᠦᠢᠯᠡᠰ᠎ᠢᠶᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ᠋ ᠠᠵᠤ ᠦᠢᠯᠡᠰ᠎ᠦᠨ ᠬᠦᠴᠢᠷ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ ᠰᠤᠳᠤᠯᠭᠠᠨ ᠦᠷᠨᠢᠬᠦᠯᠵᠦ᠂ ᠠᠵᠤ ᠠᠬᠤᠢᠯᠠᠯ᠎ᠤᠨ 《ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ》 ᠵᠢ ᠠᠰᠫᠢᠷᠠᠨᠲ᠎ᠤᠨ 《ᠰᠤᠳᠤᠯᠭᠠᠨ᠎ᠤ ᠰᠡᠳᠦᠪ᠎ᠦᠨ ᠨᠠᠷᠢᠨ ᠲᠠᠩᠰᠠ》 ᠪᠣᠯᠭᠠᠨ ᠬᠤᠪᠢᠷᠠᠭᠤᠯᠬᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ 《ᠦᠷ᠎ᠡ ᠪᠦᠲᠦᠭᠡᠯ᠎ᠦᠨ ᠨᠠᠷᠢᠨ ᠲᠠᠩᠰᠠ》 ᠵᠢ ᠠᠵᠤ ᠦᠢᠯᠡᠰ᠎ᠦᠨ 《ᠬᠡᠷᠡᠭᠯᠡᠭᠡᠨ᠎ᠦ ᠨᠠᠷᠢᠨ ᠲᠠᠩᠰᠠ》 ᠪᠣᠯᠭᠠᠨ ᠬᠤᠪᠢᠷᠠᠭᠤᠯᠬᠤ᠎ᠶᠢ ᠠᠬᠢᠭᠤᠯᠵᠤ᠂ ᠠᠵᠤ ᠦᠢᠯᠡᠰ ᠰᠡᠳᠦᠪ ᠭᠠᠷᠭᠠᠬᠤ᠂ ᠰᠤᠷᠭᠠᠭᠤᠯᠢ ᠠᠵᠤ ᠠᠬᠤᠢᠯᠠᠯ ᠬᠠᠮᠲᠤ ᠪᠠᠷ ᠬᠠᠷᠢᠭᠤᠯᠬᠤ᠂ ᠦᠢᠯᠡᠳᠦᠯᠭᠡ᠎ᠪᠡᠷ ᠰᠢᠯᠭᠠᠨ ᠪᠠᠢᠴᠠᠭᠠᠬᠤ ᠵᠢ ᠪᠡᠶᠡᠯᠡᠬᠦᠯᠬᠦ ᠬᠡᠷᠡᠭᠳᠡᠢ᠃ ᠬᠣᠣᠰ ᠵᠢᠯᠣᠭᠣᠳᠤᠭ᠍ᠴᠢ ᠪᠠᠭ᠍ᠰᠢ᠎ᠶᠢᠨ ᠬᠠᠮᠵᠢᠯᠴᠠᠨ ᠬᠠᠮᠲᠤ ᠪᠠᠷ ᠬᠦᠮᠦᠵᠢᠬᠦᠯᠬᠦ᠎ᠶᠢ ᠴᠢᠩᠭᠠᠳᠬᠠᠵᠤ᠂ ᠵᠢᠷᠤᠮᠵᠢᠭ᠍ᠰᠠᠨ ᠬᠠᠮᠢᠶᠠᠷᠤᠯᠲᠠ᠎ᠶᠢ ᠲᠤᠪᠤᠢ᠍ᠢᠯᠭᠠᠵᠦ᠂ ᠬᠥᠮᠥᠨ᠎ᠦ ᠪᠡᠶ᠎ᠡ᠎ᠶᠢᠨ ᠠᠮᠤᠷ ᠲᠦᠪᠰᠢᠨ᠂ ᠦᠢᠯᠡᠳᠪᠦᠷᠢᠯᠡᠯ᠎ᠦᠨ ᠠᠮᠤᠷ ᠲᠦᠪᠰᠢᠨ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠎ᠢ ᠲᠣᠪᠣᠢᠮ᠎ᠠ ᠪᠠᠢᠷᠢᠨ᠎ᠳᠤ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠪᠠ᠃
ᠬᠤᠷᠠᠯ᠎ᠲᠡᠭᠡᠷ᠎ᠡ᠂ 《ᠦᠢᠯᠡᠳᠪᠦᠷᠢᠯᠡᠯ ᠰᠤᠳᠤᠯᠭᠠᠨ᠎ᠤ ᠤᠶᠤᠨ᠎ᠤ ᠬᠡᠯᠬᠢᠶ᠎ᠡ ︱ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ》 ᠲᠤᠬᠠᠢ ᠭᠦᠨᠵᠡᠭᠡᠢ ᠲᠠᠢᠯᠤᠮᠵᠢ ᠬᠢᠵᠦ᠂ ᠲᠦᠷᠦᠯ ᠲᠡᠮᠳᠡᠭ᠎ᠦᠨ ᠪᠠᠢᠭᠤᠯᠤᠯᠲᠠ᠎ᠶᠢᠨ ᠰᠡᠳᠬᠢᠴᠡ ᠪᠣᠯᠣᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠠᠷᠭ᠎ᠠ ᠵᠠᠮ᠎ᠢ ᠲᠣᠳᠣᠷᠬᠠᠢᠯᠠᠪᠠ᠃《ᠠᠵᠤ ᠦᠢᠯᠡᠰ᠎ᠦᠨ ᠨᠢᠭᠡᠳᠦᠭᠡᠷ ᠹᠷᠣᠨᠲ ᠪᠣᠯ ᠬᠠᠮᠤᠭ᠎ᠤᠨ ᠰᠠᠢᠨ ᠬᠢᠴᠢᠶᠡᠯ᠎ᠦᠨ ᠲᠠᠩᠬᠢᠮ᠂ ᠦᠢᠯᠡᠳᠪᠦᠷᠢᠯᠡᠯ᠎ᠦᠨ ᠦᠢᠯᠡᠳᠦᠯᠭᠡ ᠪᠣᠯ ᠬᠠᠮᠤᠭ᠎ᠤᠨ ᠰᠠᠢᠨ ᠲᠤᠷᠰᠢᠯᠲᠠ᠎ᠶᠢᠨ ᠪᠣᠯᠪᠠᠰᠤᠷᠠᠯ ᠪᠣᠯᠣᠨ᠎ᠠ᠂ ᠠᠵᠤ ᠠᠬᠤᠢᠯᠠᠯ ᠡᠭᠦᠳᠡ᠎ᠪᠡᠨ ᠨᠡᠭᠡᠭᠡᠨ ᠡᠷᠬᠢᠮ ᠨᠠᠨᠳᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠯᠠᠪᠤᠷ ᠪᠣᠯᠣᠨ ᠲᠤᠷᠰᠢᠯᠲᠠ᠎ᠶᠢᠨ ᠨᠥᠬᠥᠴᠡᠯ᠎ᠢ ᠬᠠᠩᠭᠠᠵᠤ᠂ ᠪᠢᠳᠡᠨ᠎ᠳᠦ ᠲᠤᠷᠰᠢᠯᠲᠠ᠎ᠶᠢᠨ ᠲᠠᠰᠤᠭ᠎ᠠᠴᠠ ᠭᠠᠷᠴᠤ᠂ ᠠᠵᠤ ᠦᠢᠯᠡᠰ᠎ᠦᠨ ᠦᠨᠡᠨ ᠪᠣᠳᠠᠲᠠᠢ ᠠᠰᠠᠭᠤᠳᠠᠯ᠎ᠳᠤ ᠰᠢᠭᠤᠳ ᠬᠠᠨᠳᠤᠬᠤ ᠲᠣᠬᠢᠶᠠᠯ ᠣᠯᠭᠣᠪᠠ》 ᠭᠡᠵᠦ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠪᠡᠰᠦᠨ᠎ᠦ ᠦᠢᠯᠡᠰ᠎ᠦᠨ ᠳᠡᠭᠡᠳᠦ ᠰᠤᠷᠭᠠᠭᠤᠯᠢ᠎ᠶᠢᠨ 2025 ᠤᠨ᠎ᠤ ᠳ᠋ᠣᠺᠲ᠋ᠣᠷᠠᠨᠲ᠂ ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ ᠠᠩᠬᠠᠨ᠎ᠤ ᠪᠦᠯᠦᠭ᠎ᠦᠨ ᠠᠵᠤ ᠠᠬᠤᠢᠯᠠᠯ᠎ᠳᠤ ᠬᠦᠷᠴᠦ ᠦᠢᠯᠡᠳᠦᠯᠬᠡ ᠳ᠋ᠤ ᠤᠷᠤᠯᠴᠠᠬᠤ ᠠᠰᠫᠢᠷᠠᠨᠲ ᠯᠢᠦ ᠶᠠ ᠯᠢᠩ ᠬᠡᠯᠡᠪᠡ᠃
ᠡᠯ᠎ᠡ ᠬᠦᠮᠦᠨ᠎ᠢ ᠬᠥᠮᠥᠵᠢᠭᠦᠯᠬᠦ ᠶᠡᠬᠡ ᠳᠡᠭᠡᠳᠦ ᠰᠤᠷᠭᠠᠭᠤᠯᠢ᠂ ᠬᠤᠷᠰᠢᠭ᠍ᠰᠠᠨ ᠠᠵᠤ ᠠᠬᠤᠢᠯᠠᠯ᠎ᠤᠨ ᠵᠢᠯᠣᠭᠣᠳᠤᠭ᠍ᠴᠢ ᠪᠠᠭ᠍ᠰᠢ ᠵᠢᠴᠢ ᠰᠤᠷᠭᠠᠨ ᠬᠥᠮᠦᠵᠢᠯ᠎ᠦᠨ ᠶᠠᠮᠤᠨ᠎ᠤ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠳᠤᠯᠭᠠᠨ᠎ᠤ ᠬᠦᠷᠢᠶᠡᠯᠡᠩ᠎ᠦᠨ 2025 ᠤᠨ᠎ᠤ ᠠᠰᠫᠢᠷᠠᠨᠲ ᠪᠣᠯᠪᠠᠰᠤᠷᠠᠯ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃