ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-17 12:13:15

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ᠌ ᠲᠤᠷᠰᠢᠯᠲᠠ᠎ᠶ᠋ᠢᠨ ᠴᠡᠭ᠎ᠤᠨ ᠪᠥᠲᠦᠭᠡᠨ ᠪᠠᠶ᠋ᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠲᠤᠷᠰᠢᠯᠲᠠ᠎ᠶ᠋ᠢᠨ ᠴᠡᠭ᠎ᠤᠨ ᠰᠤᠷᠭᠠᠭᠤᠯᠢ᠎ᠶ᠋ᠢᠨ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂  ᠴᠢᠨᠠᠷ ᠰᠠᠶ᠋ᠢᠲᠠᠢ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠰᠢᠭᠤᠳ ᠰᠤᠷᠭᠠᠭᠤᠯᠢ᠎ᠶ᠋ᠢᠨ ᠬᠦᠷᠢᠶᠡᠨ᠎ᠳᠤ ᠬᠦᠷᠭᠡᠬᠦ᠎ᠶ᠋ᠢ ᠠᠬᠢᠭᠤᠯᠬᠤ᠎ᠶ᠋ᠢᠨ ᠲᠥᠯᠦᠭᠡ 9 ᠰᠠᠷ᠎ᠠ᠎ᠠᠴᠠ ᠨᠠᠭᠠᠰᠢ᠂ ᠬᠥᠬᠡᠬᠤᠲᠠ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠨᠡᠶ᠋ᠢᠭᠡᠮᠯᠢᠭ᠎ᠦᠨ ᠬᠢᠨ ᠤᠷᠢᠳ ᠬᠤᠵᠢᠳ ᠬᠥᠬᠡᠬᠤᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠂ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠂ ᠥᠪᠦᠷ ᠮᠣᠩᠭᠤᠯ᠎ᠤᠨ ᠪᠠᠭᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠲᠤ᠌ ᠬᠤᠶᠠᠳᠤᠭᠠᠷ ᠰᠤᠷᠭᠠᠭᠤᠯᠢ᠂ ᠲᠥᠪ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ᠌ ᠳᠤᠮᠳᠠᠳᠤ ᠰᠤᠷᠭᠠᠭᠤᠯᠢ᠎ᠶ᠋ᠢᠨ ᠬᠥᠬᠡᠬᠤᠲᠠ ᠳ᠋ᠡᠬᠢ ᠬᠤᠪᠢᠶᠠᠷᠢ ᠰᠤᠷᠭᠠᠭᠤᠯᠢ ᠵᠡᠷᠭᠡ  4 ᠲᠤᠷᠰᠢᠯᠲᠠ᠎ᠶ᠋ᠢᠨ ᠴᠡᠭ᠎ᠤᠨ ᠳᠤᠮᠳᠠᠳᠤ ᠰᠤᠷᠭᠠᠭᠤᠯᠢ᠎ᠳᠤ ᠬᠦᠷᠴᠦ᠍᠂ 《2026 ᠣᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ᠌ ᠲᠤᠷᠰᠢᠯᠲᠠ᠎ᠶ᠋ᠢᠨ ᠴᠡᠭ᠎ᠤᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ》 ᠶ᠋ᠢ  ᠥᠷᠨᠢᠭᠦᠯᠪᠡ᠃

ᠤᠬᠠᠭᠤᠯᠤᠨ ᠲᠠᠶ᠋ᠢᠯᠪᠤᠷᠢᠯᠠᠬᠤ ᠶᠠᠪᠤᠴᠠ᠎ᠳᠤ᠂  ᠡᠯ᠎ᠡ ᠲᠤᠷᠰᠢᠯᠲᠠ᠎ᠶ᠋ᠢᠨ ᠴᠡᠭ᠎ᠤᠨ ᠰᠤᠷᠭᠠᠭᠤᠯᠢ᠎ᠶ᠋ᠢᠨ ᠬᠢᠨ ᠲᠥᠷᠦᠯ ᠵᠦᠢᠯ᠎ᠤᠨ  ᠪᠣᠳᠠᠲᠤ᠌ ᠪᠠᠶ᠋ᠢᠳᠠᠯ᠎ᠲᠠᠢ ᠪᠠᠨ ᠤᠶᠠᠯᠳᠤᠭᠤᠯᠤᠨ᠂ ᠰᠤᠷᠭᠠᠭᠤᠯᠢ᠎ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ᠌ ᠳᠤᠮᠳᠠᠬᠢ ᠪᠣᠳᠠᠲᠠᠢ ᠠᠷᠭ᠎ᠠ ᠬᠡᠮᠵᠢᠶ᠎ᠡ᠂ ᠰᠤᠷᠤᠭᠴᠢᠳ᠎ᠤᠨ ᠦᠰᠦᠨ ᠪᠤᠶ᠋ᠢᠵᠢᠯᠳᠠ ᠵᠢᠨ ᠨᠡᠶ᠋ᠢᠲᠡᠯᠢᠭ ᠦᠯᠢᠭᠡᠷ  ᠵᠢᠱ᠌ᠢᠶ᠎ᠡ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠠᠵᠢᠯ᠎ᠤᠨ ᠦᠷ᠎ᠡ ᠪᠦᠲᠦᠮᠵᠢ ᠵᠢ ᠨᠠᠷᠢᠨ ᠲᠠᠨᠢᠯᠴᠠᠭᠤᠯᠵᠤ᠂ ᠲᠥᠷᠦᠯ ᠵᠦᠢᠯ᠎ᠤᠨ ᠬᠡᠷᠡᠭᠵᠢᠬᠦᠯᠦᠯᠳᠡ᠂ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠍᠂ ᠦᠨᠡᠨ ᠪᠣᠳᠠᠲᠠᠢ ᠰᠤᠷᠭᠠᠭᠤᠯᠢ᠎ᠶ᠋ᠢᠨ ᠬᠦᠷᠢᠶᠡᠨ᠎ᠤ ᠪᠣᠳᠠᠲᠤ᠌ ᠵᠢᠱ᠌ᠢᠶ᠎ᠡ᠎ᠪᠠᠷ ᠤᠬᠠᠭᠤᠯᠤᠨ ᠲᠠᠶ᠋ᠢᠯᠪᠤᠷᠢᠯᠠᠬᠤ ᠨᠥᠯᠦᠭᠡᠯᠡᠬᠦ᠌ ᠬᠦᠴᠦᠨ᠎ᠢ ᠳᠡᠭᠡᠭᠰᠢᠯᠡᠭᠦᠯᠦᠨ᠂ ᠨᠥᠬᠦᠴᠡᠯ᠎ᠳᠤ ᠨᠡᠶ᠋ᠢᠴᠡᠬᠦ᠌ ᠥᠨᠳᠦᠷ ᠳᠤᠮᠳᠠᠳᠤ᠎ᠶ᠋ᠢᠨ ᠰᠣᠷᠤᠭᠴᠢᠳ᠎ᠢ ᠢᠳᠡᠪᠬᠢᠲᠡᠢ ᠳᠠᠶ᠋ᠢᠴᠢᠯᠠᠵᠤ ᠨᠡᠷ᠎ᠡ ᠮᠡᠳᠡᠭᠦᠯᠦᠨ ᠣᠷᠤᠯᠴᠠᠭᠤᠯᠪᠠ᠃

ᠳᠠᠷᠠᠭ᠎ᠠ᠎ᠨᠢ᠂ ᠵᠢᠯᠤᠭᠤᠳᠤᠭᠴᠢ ᠪᠠᠭᠰᠢ ᠡᠴᠡ ᠬᠢᠴᠢᠶᠡᠯ ᠲᠥᠷᠦᠯ᠎ᠤᠨ ᠤᠬᠠᠭᠤᠯᠤᠨ ᠲᠠᠶ᠋ᠢᠯᠪᠤᠷᠢᠯᠠᠯᠳᠠ᠎ᠶ᠋ᠢ ᠨᠢᠭᠡᠳ ᠨᠢᠭᠡ᠎ᠪᠠᠷ ᠥᠷᠨᠢᠭᠦᠯᠵᠦ᠍᠂ ᠡᠯ᠎ᠡ ᠬᠢᠴᠢᠶᠡᠯ ᠲᠥᠷᠦᠯ᠎ᠤᠨ ᠬᠤᠰᠢᠭᠤᠷᠠᠯ ᠬᠥᠭᠵᠢᠯᠲᠡ᠎ᠶ᠋ᠢᠨ ᠬᠠᠨᠳᠤᠰᠢ ᠬᠢᠭᠡᠳ ᠭᠤᠤᠯ ᠰᠤᠳᠤᠯᠭᠠᠨ᠎ᠤ ᠬᠦᠷᠢᠶ᠎ᠡ ᠬᠡᠪᠴᠢᠶ᠎ᠡ᠎ᠶ᠋ᠢ ᠲᠠᠶ᠋ᠢᠯᠪᠤᠷᠢᠯᠠᠨ᠂ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠰᠢᠨ᠎ᠡ᠎ᠶ᠋ᠢ ᠡᠭᠦᠳᠬᠦ᠌ ᠪᠡᠯᠡᠳᠬᠡᠯ ᠴᠢᠳᠠᠪᠤᠷᠢᠲᠠᠨ᠎ᠤ ᠡᠯ᠎ᠡ ᠬᠢᠴᠢᠶᠡᠯ ᠲᠥᠷᠦᠯ᠎ᠤᠨ ᠬᠥᠮᠦᠵᠢᠭᠦᠯᠬᠦ᠌ ᠲᠥᠰᠦᠯ᠎ᠢ ᠨᠠᠷᠢᠨ ᠲᠠᠶ᠋ᠢᠯᠪᠤᠷᠢᠯᠠᠵᠤ᠂ ᠵᠢᠯᠤᠭᠤᠳᠤᠭᠴᠢ ᠪᠠᠭᠰᠢ᠎ᠶ᠋ᠢᠨ ᠪᠦᠯᠬᠦᠮ᠎ᠤᠨ ᠲᠣᠬᠢᠷᠠᠭᠤᠯᠤᠯᠲᠠ᠂ ᠬᠥᠮᠦᠵᠢᠭᠦᠯᠬᠦ᠌ ᠵᠠᠭᠪᠤᠷ᠂ ᠰᠤᠳᠤᠯᠭᠠᠨ᠎ᠤ ᠴᠢᠭᠯᠡᠯ᠂ ᠪᠠᠶ᠋ᠢᠩᠭᠤᠵᠢᠭᠰᠠᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠢᠯᠡᠳᠦᠯᠭᠡ᠎ᠶ᠋ᠢᠨ ᠠᠵᠢᠯᠯᠠᠭ᠎ᠠ ᠵᠡᠷᠭᠡ ᠵᠠᠩᠭᠢᠯᠠᠭ᠎ᠠ᠎ᠶ᠋ᠢᠨ ᠠᠭᠤᠯᠭ᠎ᠠ᠎ᠶ᠋ᠢᠨ ᠲᠣᠭᠤᠷᠢᠨ᠎ᠳᠤ ᠰᠢᠰᠲᠧᠮ᠎ᠲᠠᠢ ᠲᠣᠳᠤᠷᠬᠠᠶ᠋ᠢᠯᠠᠨ ᠥᠭᠦᠯᠡᠪᠡ᠃

ᠲᠣᠰ ᠤᠳᠠᠭᠠᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ᠎ᠨᠢ ᠲᠤᠷᠰᠢᠯᠲᠠ᠎ᠶ᠋ᠢᠨ ᠴᠡᠭ᠎ᠦᠨ ᠰᠤᠷᠭᠠᠭᠤᠯᠢ᠎ᠶ᠋ᠢᠨ ᠭᠤᠤᠯ ᠴᠣᠭᠴᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠰᠤᠷᠭᠠᠭᠤᠯᠢ᠎ᠶ᠋ᠢᠨ ᠰᠣᠯᠢᠯᠴᠠᠭ᠎ᠠ ᠬᠠᠷᠢᠯᠴᠠᠨ ᠠᠬᠢᠭᠤᠯᠬᠤ᠎ᠶ᠋ᠢ ᠳᠥᠯᠭᠢᠨ ᠠᠬᠢᠭᠤᠯᠵᠤ᠂ ᠬᠥᠬᠡᠬᠤᠲᠠ᠎ᠶ᠋ᠢᠨ ᠥᠨᠳᠦᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭᠴᠢᠳ᠎ᠤᠨ ᠰᠢᠨᠵᠢᠯᠡᠬᠦ᠌ ᠤᠬᠠᠭᠠᠨ ᠰᠤᠳᠤᠯᠭᠠᠨ᠎ᠤ ᠰᠦᠪᠡᠭᠴᠢᠯᠡᠯᠲᠡ᠎ᠳᠤ ᠣᠷᠤᠯᠴᠠᠬᠤ ᠬᠠᠯᠠᠭᠤᠨ ᠰᠡᠳᠬᠢᠯᠭᠡ᠎ᠶ᠋ᠢ ᠪᠦᠲᠦᠮᠵᠢᠲᠡᠢ ᠬᠥᠭᠵᠢᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面