ᠲᠡᠷᠢᠭᠦᠨ ᠨᠢᠭᠤᠷ>ᠰᠤᠷᠭᠠᠨ ᠬᠦᠮᠦᠵᠢᠯ >ᠮᠡᠳᠡᠭᠡ

2026-11-27 17:24:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ《ᠮᠡᠷᠭᠡᠵᠢᠯ᠎ᠦᠨ ᠠᠵᠢᠯᠴᠢᠨ᠎ᠤ ᠬᠥᠮᠦᠵᠢᠯ᠎ᠦᠨ ᠴᠢᠨᠠᠷ ᠰᠠᠢᠲᠠᠢ ᠥᠪᠡᠷᠮᠢᠴᠡ ᠣᠨᠴᠠᠯᠢᠭ᠍ᠲᠤ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠮᠡᠷᠭᠡᠵᠢᠯ᠎ᠦᠨ ᠠᠵᠢᠯᠴᠢᠨ ᠎ᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭᠵᠢᠯᠲᠡ᠎ᠳᠦ ᠪᠠᠢᠷᠢᠯᠠᠭᠤᠯᠤᠯᠲᠠ ᠬᠢᠪᠡ᠃

《ᠰᠠᠨᠠᠯ》᠎ᠳᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ ᠤᠯᠤᠰ᠎ᠤᠨ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠶᠢᠨ ᠰᠤᠷᠭᠠᠭᠤᠯᠢ᠎ᠳᠤ ᠪᠠᠢᠭ᠎ᠠ ᠰᠣᠷᠣᠭ᠍ᠴᠢ᠎ᠶᠢᠨ ᠬᠡᠪᠴᠢᠶ᠎ᠡ ᠪᠠ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠬᠡᠪᠴᠢᠶ᠎ᠡ᠎ᠶᠢ ᠶᠡᠷᠦᠩᠬᠡᠢ᠎ᠳᠡᠭᠡᠨ ᠲᠣᠭᠲᠠᠭᠤᠨ ᠪᠠᠢᠯᠭᠠᠬᠤ᠎ᠪᠠᠷ ᠴᠢᠷᠮᠠᠢᠵᠤ᠂ ᠲᠡᠭᠦᠰᠬᠦ ᠰᠤᠷᠤᠭ᠍ᠴᠢᠳ᠎ᠤᠨ ᠲᠡᠭᠦᠰᠬᠦ ᠬᠠᠨᠳᠤᠰᠢ᠎ᠶᠢ ᠨᠠᠢᠳᠠᠪᠤᠷᠢᠵᠢᠭᠤᠯᠬᠤ ᠨᠣᠷᠮ᠎ᠠ᠎ᠶᠢ 97% ᠎ᠠᠴᠠ ᠳᠡᠭᠡᠭᠰᠢ᠎ᠳᠦ ᠬᠦᠷᠭᠡᠵᠦ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠨᠡᠶ᠋ᠢᠲᠡ 200 ᠲᠦᠮᠡ᠎ᠡᠴᠡ ᠢᠯᠡᠬᠦᠦ ᠬᠥᠮᠥᠵᠢᠭᠦᠯᠦᠨ ᠪᠣᠯᠪᠠᠰᠤᠷᠠᠭᠤᠯᠤᠨ᠎ᠠ ᠭᠡᠵᠦ ᠳᠤᠳᠤᠷᠬᠠᠢᠯᠠᠪᠠ᠃

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ ᠨᠢᠭᠡ ᠪᠦᠯᠦᠭ ᠴᠢᠨᠠᠷ ᠰᠠᠢᠲᠠᠢ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠂ 100 ᠴᠢᠨᠠᠷ ᠰᠠᠢᠲᠠᠢ ᠲᠤᠰᠬᠠᠢ ᠮᠡᠷᠭᠡᠵᠢᠯ᠎ᠢ ᠪᠦᠲᠦᠭᠡᠨ ᠪᠠᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠎ᠶᠢ ᠠᠭᠤᠰᠤᠯᠴᠠᠭᠤᠯᠬᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ ᠬᠢᠭᠡᠳ ᠳᠠᠳᠤᠯᠭ᠎ᠠ ᠪᠣᠯᠪᠠᠰᠤᠷᠠᠯ᠎ᠤᠨ ᠲᠥᠬᠦᠭᠡᠷᠦᠮᠵᠢ᠎ᠶᠢ ᠰᠢᠨᠡᠳᠬᠡᠬᠦ᠎ᠶᠢ ᠳᠡᠮᠵᠢᠵᠦ᠂ ᠨᠥᠬᠥᠴᠡᠯ᠎ᠲᠠᠢ ᠭᠠᠵᠠᠷ ᠣᠷᠣᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠳᠡᠭᠡᠳᠦ ᠵᠡᠷᠭᠡ᠎ᠶᠢᠨ ᠮᠡᠷᠭᠡᠵᠢᠯ᠎ᠦᠨ ᠠᠵᠢᠯᠴᠢᠨ᠎ᠤ ᠰᠤᠷᠭᠠᠭᠤᠯᠢ᠎ᠶᠢᠨ ᠲᠥᠷᠥᠯ ᠲᠠᠰ ᠬᠤᠪᠢᠶᠠᠭᠰᠠᠨ ᠰᠣᠷᠣᠭ᠍ᠴᠢ ᠨᠢᠭᠡᠪᠦᠷᠢ᠎ᠳᠦ ᠡᠳ᠋᠎ᠤᠨ ᠵᠠᠰᠠᠭ ᠡᠴᠡ ᠮᠦᠩᠬᠦ ᠤᠯᠭᠤᠬᠤ ᠳᠤᠮᠳᠠᠴᠢ ᠪᠠᠷᠢᠮᠵᠢᠶ᠎ᠠ ᠵᠢ ᠲᠣᠭᠲᠠᠭᠠᠬᠤ᠎ᠶᠢ ᠵᠣᠷᠢᠭ᠍ᠵᠢᠭᠤᠯᠤᠨ᠎ᠠ᠃ ᠲᠥᠪ᠎ᠦᠨ ᠪᠠ ᠣᠷᠣᠨ ᠨᠤᠲᠤᠭ᠎ᠤᠨ ᠡᠯ᠎ᠡ ᠲᠦᠷᠦᠯ᠎ᠦᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭᠯᠡᠵᠦ᠂ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠣᠷᠣᠭᠤᠯᠤᠯᠲᠠ᠎ᠶᠢ ᠤᠯᠠᠨ ᠠᠷᠭ᠎ᠠ ᠵᠠᠮ᠎ᠢᠶᠠᠷ ᠨᠡᠮᠡᠭᠳᠡᠭᠦᠯᠦᠨ᠎ᠡ᠃ ᠵᠢᠭᠠᠬᠤ ᠮᠠᠲᠧᠷᠢᠶᠠᠯ᠎ᠤᠨ ᠡᠬᠢ ᠪᠠᠶᠠᠯᠢᠭ᠋᠎ᠤᠨ ᠪᠠᠢᠭᠤᠯᠤᠯᠲᠠ᠎ᠶᠢ ᠴᠢᠩᠭᠠᠳᠬᠠᠵᠤ᠂ 1000 ᠣᠷᠴᠢᠮ ᠲᠥᠷᠥᠯ᠎ᠦᠨ ᠮᠡᠷᠭᠡᠵᠢᠯ᠎ᠦᠨ ᠠᠵᠢᠯᠴᠢᠨ᠎ᠤ ᠰᠤᠷᠭᠠᠨ ᠬᠥᠮᠦᠵᠢᠯ᠎ᠦᠨ ᠵᠢᠭᠠᠬᠤ ᠮᠠᠲᠧᠷᠢᠶᠠᠯ᠎ᠢ ᠨᠡᠭᠡᠭᠡᠨ ᠬᠥᠭᠵᠢᠭᠦᠯᠵᠦ ᠰᠢᠯᠢᠨ ᠰᠣᠩᠭᠣᠵᠤ᠂ ᠵᠢᠭᠠᠬᠤ ᠮᠠᠲᠧᠷᠢᠶᠠᠯ᠎ᠤᠨ ᠲᠣᠭᠠᠴᠢᠯᠠᠯᠲᠠ ᠵᠢᠨ ᠬᠡᠯᠪᠡᠷᠢ ᠵᠢ ᠬᠤᠪᠢᠷᠠᠭᠤᠯᠬᠤ᠎ᠶᠢ ᠠᠬᠢᠭᠤᠯᠤᠨ᠎ᠠ᠃

ᠡᠭᠦᠨ᠎ᠦ ᠬᠠᠮᠲᠤ᠂ ᠠᠵᠢᠯᠯᠠᠵᠤ ᠰᠤᠷᠤᠯᠴᠠᠬᠤ᠎ᠶᠢ ᠨᠢᠭᠡ ᠴᠣᠭᠴᠠᠵᠢᠭᠤᠯᠤᠭᠰᠠᠨ ᠲᠤᠰᠬᠠᠢ ᠮᠡᠷᠭᠡᠵᠢᠯ ᠪᠠ ᠰᠣᠷᠣᠭ᠍ᠴᠢ᠎ᠶᠢᠨ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ ᠰᠢᠨ᠎ᠡ ᠬᠢᠴᠢᠶᠡᠯ᠎ᠦᠨ ᠪᠠᠷᠢᠮᠵᠢᠶ᠎ᠠ᠎ᠶᠢ ᠨᠡᠭᠡᠭᠡᠨ ᠬᠥᠭᠵᠢᠭᠦᠯᠵᠦ᠂ ᠨᠢᠭᠡ ᠪᠦᠯᠦᠭ ᠴᠢᠨᠠᠷ ᠰᠠᠢᠲᠠᠢ ᠬᠢᠴᠢᠶᠡᠯ᠎ᠦᠨ ᠲᠠᠩᠬᠢᠮ᠂ ᠬᠢᠴᠢᠶᠡᠯ᠂ ᠲᠤᠰᠬᠠᠢ ᠮᠡᠷᠭᠡᠵᠢᠯ᠂ ᠶᠡᠬᠡ ᠳᠡᠭᠡᠳᠦ ᠰᠤᠷᠭᠠᠭᠤᠯᠢ᠎ᠶᠢ ᠪᠠᠢᠭᠤᠯᠵᠤ᠂ 《ᠮᠠᠰᠲᠧᠷ + ᠢᠨᠵᠧᠨᠧᠷ》᠎ᠢ ᠬᠠᠮᠲᠤᠷᠠᠨ ᠬᠥᠮᠥᠵᠢᠭᠦᠯᠬᠦ ᠵᠠᠭᠪᠤᠷ᠎ᠢ ᠰᠦᠪᠡᠭᠴᠢᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠲᠥᠪ ᠲᠧᠯᠸᠢᠰ᠎ᠦᠨ ᠰᠣᠨᠢᠨ ᠮᠡᠳᠡᠭᠡ ᠰᠢᠯᠵᠢᠶ᠎ᠡ
兼容浏览器的HTML页面