2023-08-19 12:49:44
《ᠬᠦᠨᠳᠦᠳᠦ ᠪᠠᠭ᠍ᠰᠢ ᠨᠠᠷ ᠰᠠᠢᠨ ᠪᠠᠢᠵᠠᠭᠠᠨ᠎ᠠ ᠦᠦ᠂ ᠮᠠᠨ᠎ᠤ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ ᠮᠣᠷᠢᠯᠠᠨ ᠰᠠᠭᠠᠲᠠᠭ᠍ᠰᠠᠨᠢ ᠪᠠᠶᠠᠷᠯᠠᠨ ᠤᠭᠳᠤᠶ᠎ᠠ᠂ ᠪᠢ ᠪᠣᠯ ᠶᠡᠬᠡ ᠠᠩᠭᠢ᠎ᠵᠢᠨ ᠠᠨᠴᠢᠷ ᠪᠠᠢᠨ᠎ᠠ᠂ ᠪᠢ ᠲᠠ ᠨᠠᠷ᠎ᠲᠦ ᠪᠠᠨ ᠦᠪᠡᠷ᠎ᠤᠨ ᠦᠵᠡᠰᠬᠦᠯᠡᠩᠳᠦ ᠰᠠᠢᠬᠠᠨ ᠬᠡᠦᠬᠡᠳ᠎ᠦᠨ ᠴᠡᠴᠡᠷᠯᠢᠭ᠎ᠢᠶᠡᠨ ᠲᠠᠨᠢᠯᠴᠠᠭᠤᠯᠵᠤ ᠥᠭ᠌ᠬᠦᠶ᠎ᠡ》᠃
ᠳᠡᠭᠡᠷ᠎ᠡ ᠰᠠᠷ᠎ᠠ ᠳ᠋ᠦ᠂ ᠱᠢᠯᠢ᠎ᠶ᠋ᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠳᠤ ᠶᠠᠪᠤᠭ᠍ᠳᠠᠭ᠍ᠰᠠᠨ ᠨᠢᠭᠡᠨ ᠤᠳᠠᠭᠠᠨ᠎ᠤ ᠵᠢᠭᠠᠨ ᠰᠤᠷᠭᠠᠯᠲᠠ᠎ᠶ᠋ᠢᠨ ᠲᠣᠭᠣᠷᠢᠨ ᠦᠵᠡᠬᠦ᠌ ᠬᠤᠷᠠᠯ ᠳᠡᠭᠡᠷ᠎ᠡ᠂ ᠪᠢᠴᠢᠬᠠᠨ ᠠᠨᠴᠢᠷ ᠮᠢᠺᠷᠣᠹᠣᠨ ᠠᠳᠬᠤᠵᠤ᠂ ᠦᠭᠡ ᠥᠭᠦᠯᠡᠪᠦᠷᠢ ᠤᠨᠤᠪᠴᠢᠳᠠᠢ᠂ ᠴᠠᠩᠬᠢᠨᠠᠮᠠ ᠳᠤᠳᠤ ᠲᠠᠭᠤ ᠬᠣᠭᠣᠯᠠᠢ ᠪᠠᠷ ᠬᠡᠦᠬᠡᠳ᠎ᠦᠨ ᠴᠡᠴᠡᠷᠯᠢᠭ᠎ᠤᠨ᠎ᠢᠶᠡᠨ ᠡᠳᠦᠷ ᠲᠤᠳᠤᠮ᠎ᠤᠨ ᠵᠤᠭ᠎ᠠ ᠴᠡᠩᠭᠡᠬᠦᠨ ᠪᠠ ᠰᠤᠷᠤᠯᠴᠠᠯᠭ᠎ᠠ᠎ᠶᠢᠨ ᠶᠠᠪᠤᠴᠠ ᠪᠠᠨ ᠲᠠᠨᠢᠯᠴᠠᠭᠤᠯᠵᠤ᠂ ᠢᠲᠡᠭᠡᠯ ᠳᠡᠭᠦᠯᠳᠡᠷ ᠵᠢᠪᠬᠤᠭ᠎ᠠ ᠪᠣᠯᠤᠨ ᠬᠥᠭᠡᠷᠦᠬᠦᠨ ᠴᠤᠪᠤᠭᠤᠯᠢᠭ ᠳᠦᠷᠢ ᠨᠢ ᠬᠤᠷᠠᠭᠰᠠᠨ ᠤᠯᠠᠨ ᠵᠣᠴᠢᠳ᠎ᠤᠨ ᠬᠠᠯᠠᠭᠤᠨ ᠠᠯᠠᠭ᠎ᠠ ᠲᠠᠱᠢᠯᠲᠠ ᠮᠠᠭ᠍ᠲᠠᠭᠠᠯ ᠰᠠᠢᠱᠢᠶᠠᠯ᠎ᠢ ᠬᠦᠷᠳᠡᠪᠡ᠃
ᠬᠤᠷᠠᠯ᠎ᠳᠤ ᠣᠷᠣᠯᠴᠠᠭ᠍ᠰᠠᠨ ᠵᠣᠴᠢᠨ᠂ ᠠᠷᠠᠳ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠤᠷᠢᠶ᠎ᠠ᠎ᠶᠢᠨ ᠳᠡᠳ᠋ ᠶᠡᠷᠦᠩᠬᠡᠢ ᠨᠠᠢᠷᠠᠭᠤᠯᠤᠭ᠍ᠴᠢ ᠵᠦ᠍ ᠢᠦᠢ ᠭᠦᠸᠧ ᠬᠡᠦᠬᠡᠳ᠎ᠦᠨ ᠲᠠᠢᠯᠤᠮᠵᠢ᠎ᠶ᠋ᠢ ᠰᠣᠨᠣᠰᠤᠭᠠᠳ ᠭᠦᠨ ᠲᠦᠷᠦᠭ᠌ᠳᠡᠯ ᠲᠠᠢ᠄ 《ᠬᠡᠦᠬᠡᠳ᠎ᠦᠨ ᠦᠭᠡ ᠶᠠᠷᠢᠶ᠎ᠠ ᠨᠢ ᠤᠷᠤᠰᠤᠮ᠎ᠠ ᠳᠤᠳᠤ᠂ ᠳᠠᠰᠭᠠᠯ᠎ᠤᠨ ᠳᠡᠪᠳᠡᠷᠲᠡᠬᠢ ᠭᠠᠷᠤᠨ ᠲᠢᠭ ᠨᠢ ᠳᠡᠷᠢ ᠳᠡᠭᠰᠢ ᠪᠡᠷ ᠪᠠᠷᠠᠬᠤ ᠦᠭᠡᠢ ᠦᠰᠦᠭ ᠪᠢᠴᠢᠯᠭᠡ ᠨᠢᠴᠤ ᠴᠡᠪᠡᠷᠬᠡᠨ᠂ ᠰᠤᠷᠭᠠᠨ ᠬᠥᠮᠦᠵᠢᠯ᠎ᠦᠨ ᠠᠵᠢᠯᠳᠠᠨ ᠪᠣᠯᠤᠭ᠍ᠰᠠᠨ᠎ᠤ ᠬᠤᠪᠢ᠎ᠳᠤ᠂ ᠬᠡᠦᠬᠡᠳ᠎ᠦᠨ᠎ᠢᠶᠡᠨ ᠡᠮᠦᠨ᠎ᠡ ᠡᠴᠡ ᠪᠠᠶᠠᠷᠯᠠᠵᠤ ᠪᠠᠢᠨ᠎ᠠ》 ᠭᠡᠯᠡ᠃
ᠬᠥᠯᠥᠨ ᠪᠤᠢ᠌ᠷ ᠬᠤᠳᠠ᠎ᠶ᠋ᠢᠨ ᠱᠢᠨ᠎ᠡ ᠪᠠᠷᠭᠤ ᠵᠡᠭᠦᠨ ᠬᠣᠱᠢᠭᠤᠨ᠎ᠤ ᠠᠮᠤᠭᠤᠯᠠᠩ ᠪᠠᠭ᠎ᠠ ᠰᠤᠷᠭᠠᠭᠤᠯᠢ᠎ᠶ᠋ᠢᠨ ᠳᠡᠳ᠋ ᠵᠠᠬᠢᠷᠤᠯ ᠸᠠᠩ ᠪᠠᠢ ᠯᠢᠩ᠂ ᠡᠨᠡ ᠤᠳᠠᠭ᠎ᠠ ᠬᠤᠷᠠᠯ᠎ᠳᠤ ᠣᠷᠣᠯᠴᠠᠭᠠᠳ ᠮᠠᠰᠢ ᠶᠡᠬᠡ ᠣᠯᠤᠯᠲᠠ ᠲᠠᠶ ᠪᠠᠢᠨ᠎ᠠ᠃ ᠢᠯᠠᠩᠭᠤᠶ᠎ᠡ ᠨᠤᠮ ᠪᠢᠴᠢᠭᠳᠦ ᠰᠤᠷᠭᠠᠭᠤᠯᠢ᠎ᠶ᠋ᠢᠨ ᠬᠦᠷᠢᠶᠡᠨ᠎ᠦ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠶ᠃ ᠬᠡᠦᠬᠡᠳ᠎ᠦᠨ ᠤᠩᠱᠢᠯᠭ᠎ᠠ᠎ᠶ᠋ᠢᠨ ᠴᠢᠳᠠᠪᠤᠷᠢ ᠳᠡᠭᠡᠭ᠌ᠰᠢᠯᠡᠵᠦ᠍᠂ ᠦᠭᠡᠰ᠎ᠦᠨ ᠰᠠᠩ ᠨᠢ ᠪᠠᠶᠠᠯᠢᠭᠵᠢᠵᠤ᠂ ᠢᠯᠡᠳᠭᠡᠬᠦ᠌ ᠴᠢᠳᠠᠪᠤᠷᠢ ᠨᠢᠴᠤ ᠰᠠᠢᠵᠢᠷᠠᠪᠠ᠃ ᠪᠢ ᠥᠨᠥᠳᠦᠷ᠎ᠤᠨ ᠤᠯᠵᠤ ᠰᠣᠷᠣᠭ᠍ᠰᠠᠨ ᠲᠤᠷᠱᠢᠯᠭ᠎ᠠ ᠪᠠᠨ ᠮᠠᠨ᠎ᠤ ᠰᠤᠷᠭᠠᠭᠤᠯᠢ᠎ᠳᠤ ᠪᠠᠨ ᠠᠪᠠᠴᠢᠵᠤ ᠳᠡᠯᠭᠡᠷᠡᠭᠦᠯᠦᠨ ᠬᠡᠷᠡᠭ᠌ᠯᠡᠨ᠎ᠡ ᠭᠡᠯᠡ᠃
ᠤᠢ᠍ᠢᠷ᠎ᠠ᠎ᠶ᠋ᠢᠨ ᠬᠡᠳᠦᠨ ᠵᠢᠯ ᠱᠢᠯᠢ᠎ᠶ᠋ᠢᠨ ᠭᠣᠣᠯ ᠠᠢᠮᠠᠭ᠎ᠲᠤ᠂ ᠲᠦᠭ ᠲᠦᠮᠡᠨ ᠰᠤᠷᠤᠭ᠍ᠴᠢᠳ ᠳᠤᠮᠳᠠᠳᠤ᠎ᠶ᠋ᠢᠨ ᠦᠨᠳᠦᠰᠦᠲᠡᠨ᠎ᠦ 5000 ᠭᠠᠷᠤᠢ ᠵᠢᠯ᠎ᠦᠨ ᠭᠡᠷᠡᠯ ᠰᠠᠴᠤᠷᠠᠩᠭᠤᠢ ᠰᠣᠶᠣᠯ᠂ ᠦᠨᠳᠦᠰᠦᠲᠡᠨ᠎ᠦ ᠵᠣᠷᠢᠭ ᠰᠠᠨᠠᠭ᠎ᠠ᠂ ᠴᠠᠭ ᠦᠶ᠎ᠡ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ᠎ᠶ᠋ᠢ ᠨᠡᠩ ᠡᠷᠲᠡ ᠣᠢᠯᠠᠭᠠᠵᠤ᠂ ᠰᠣᠶᠣᠯ᠎ᠤᠨ ᠢᠲᠡᠭᠡᠯ ᠪᠣᠯᠤᠨ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ᠎ᠢ ᠬᠠᠢᠷᠠᠯᠠᠬᠤ ᠬᠥᠮᠦᠵᠢᠯ᠎ᠢ ᠰᠠᠭᠤᠷᠢ ᠰᠤᠷᠭᠠᠨ ᠬᠥᠮᠦᠵᠢᠯ᠎ᠦᠨ ᠱᠠᠳᠤ ᠦᠶ᠎ᠡ᠎ᠡᠴᠡ ᠰᠤᠷᠤᠭ᠍ᠴᠢᠳ᠎ᠤᠨ ᠰᠡᠳᠭᠢᠯ᠎ᠳᠦ ᠬᠠᠳᠠᠩᠱᠢᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃