2024-02-22 10:11:00
《ᠨᠢᠭᠡ ᠬᠡᠦᠬᠡᠳ᠎ᠦᠨ ᠴᠡᠴᠡᠷᠯᠢᠭ᠎ᠤ᠋ᠨ ᠬᠠᠮᠢᠶᠠᠷᠤᠯᠳᠠ ᠶᠠᠮᠠᠷ ᠨᠢᠭᠡᠨ ᠭᠠᠵᠠᠷ ᠣᠷᠣᠨ᠎ᠠᠴᠠ ᠰᠤᠷᠤᠯᠴᠠᠬᠤ ᠪᠢᠰᠢ᠂ ᠬᠠᠷᠢᠨ ᠢᠷᠡᠭᠡᠳᠦᠢ᠎ᠡᠴᠡ ᠰᠤᠷᠤᠯᠴᠠᠬᠤ ᠬᠡᠷᠡᠭᠳᠡᠢ ᠁》ᠣᠢᠷ᠎ᠠ ᠵᠢᠨ ᠡᠳᠦᠷ ᠶᠠᠪᠤᠭᠳᠠᠭᠰᠠᠨ ᠣᠷᠳᠣᠰ᠎ᠤᠨ ᠵᠢᠷᠭᠤᠳᠤᠭᠠᠷ ᠬᠤᠭᠤᠴᠠᠭᠠᠨ᠎ᠤ ᠬᠡᠦᠭᠡᠳ᠎ᠤᠨ ᠴᠡᠴᠡᠷᠯᠢᠭ᠎ᠦᠨ ᠵᠠᠬᠢᠷᠤᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠦᠨ ᠪᠣᠯᠪᠠᠰᠤᠷᠠᠯ᠎ᠳᠤ ᠲᠠᠯᠠᠳ ᠬᠣᠰᠢᠭᠤᠨ᠎ᠤ ᠠᠷᠪᠠᠳᠤᠭᠠᠷ ᠬᠡᠦᠬᠡᠳ᠎ᠦᠨ ᠴᠡᠴᠡᠷᠯᠢᠭ᠎ᠦᠨ ᠵᠠᠬᠢᠷᠤᠯ ᠯᠢᠦᠢ ᠶᠠᠨ ᠦᠪᠡᠷ᠎ᠤᠨ ᠪᠤᠳᠤᠯ ᠲᠦᠷᠦᠭᠳᠡᠯ ᠵᠢᠡᠨ ᠬᠤᠪᠢᠶᠠᠯᠴᠠᠨᠡ᠃ ᠬᠡᠳᠦᠨ ᠠᠷᠪᠠᠨ ᠵᠢᠯ᠎ᠦᠨ ᠳᠤᠷᠰᠢ᠂ ᠯᠢᠤᠢ ᠶᠠᠨ ᠤᠷᠢᠳ ᠬᠣᠵᠢᠳ 3 ᠬᠤᠭᠤᠴᠠᠭᠠᠨ᠎ᠤ ᠬᠡᠦᠭᠡᠳ᠎ᠤᠨ ᠴᠡᠴᠡᠷᠯᠢᠭ᠎ᠦᠨ ᠵᠠᠬᠢᠷᠤᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠦᠨ ᠪᠣᠯᠪᠠᠰᠤᠷᠠᠯ᠎ᠳᠤ ᠣᠷᠣᠯᠴᠠᠵᠤ᠂ ᠦᠯᠢᠭᠡᠷ ᠶᠠᠷᠢᠵᠤ ᠰᠤᠷᠤᠯᠴᠠᠬᠤ᠎ᠠᠴᠠ ᠲᠣᠭᠯᠠᠭᠠᠮᠵᠢᠡᠷ ᠦᠯᠢᠭᠡᠷ ᠶᠠᠷᠢᠬᠤ ᠬᠦᠷᠲᠡᠯ᠎ᠡ᠂ ᠭᠣᠣᠯ ᠰᠡᠳᠦᠪᠲᠦ ᠬᠥᠮᠦᠵᠢᠯ᠎ᠡᠴᠡ ᠬᠡᠦᠭᠡᠳ᠎ᠤᠨ ᠴᠡᠴᠡᠷᠯᠢᠭ᠎ᠦᠨ ᠬᠢᠴᠢᠶᠡᠯ ᠬᠦᠷᠲᠡᠯ᠎ᠡ᠂ ᠲᠡᠭᠦᠨ᠎ᠦ ᠰᠤᠳᠤᠯᠭᠠᠨ ᠪᠠ ᠬᠠᠮᠢᠶᠠᠷᠤᠯᠲᠠ᠎ᠶᠢᠨ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠵᠦ᠂ ᠬᠢᠴᠢᠶᠡᠯ ᠰᠣᠨᠣᠰᠤᠭ᠍ᠴᠢ ᠪᠠᠢᠭᠰᠠᠨ᠎ᠠᠴᠠ᠎ᠪᠠᠨ ᠬᠢᠴᠢᠶᠡᠯ ᠵᠢᠡᠨ ᠶᠠᠷᠢᠵᠤ ᠬᠤᠪᠢᠶᠠᠯᠴᠠᠬᠴᠢ ᠪᠤᠯᠤᠯ᠎ᠠ᠃
ᠣᠲᠣ᠌ ᠪᠣᠯᠲᠠᠯ᠎ᠠ᠂ ᠣᠷᠳᠣᠰ ᠬᠤᠳᠠ ᠨᠢᠭᠡᠨᠲᠡ 6 ᠬᠤᠭᠤᠴᠠᠭᠠᠨ᠎ᠤ ᠬᠡᠦᠭᠡᠳ᠎ᠤᠨ ᠴᠡᠴᠡᠷᠯᠢᠭ᠎ᠦᠨ ᠵᠠᠬᠢᠷᠤᠯ᠎ᠤᠨ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠦᠨ ᠪᠣᠯᠪᠠᠰᠤᠷᠠᠯ᠎ᠢ ᠡᠷᠭᠢᠯᠡᠵᠦ᠂ ᠨᠢᠭᠡ ᠪᠦᠯᠦᠭ ᠨᠠᠷᠠᠲᠤ ᠰᠢᠯᠢᠳᠡᠭ ᠭᠣᠣᠯᠯᠠᠭ᠍ᠴᠢ ᠪᠠᠭ᠍ᠰᠢ ᠪᠠ ᠰᠤᠷᠭᠠᠨ ᠬᠥᠮᠥᠵᠢᠭᠦᠯᠦᠭᠴᠢ᠎ᠶᠢᠨ ᠬᠡᠯᠪᠡᠷᠢ᠎ᠶᠢᠨ ᠴᠡᠴᠡᠷᠯᠢᠭ᠎ᠦᠨ ᠵᠠᠬᠢᠷᠤᠯ ᠢ᠋ ᠬᠥᠮᠥᠵᠢᠭᠦᠯᠪᠡ᠃ ᠣᠢᠷ᠎ᠠ᠎ᠶᠢᠨ ᠵᠢᠯ᠎ᠦᠳ᠎ᠲᠦ᠂ ᠥᠨᠳᠥᠷ ᠬᠡᠪ ᠴᠢᠨᠠᠷ ᠪᠦᠬᠦᠢ ᠲᠤᠰᠬᠠᠢᠵᠢᠭ᠍ᠰᠠᠨ ᠰᠢᠨ᠎ᠡ᠎ᠶᠢ ᠡᠭᠦᠳᠬᠦ ᠬᠡᠯᠪᠡᠷᠢ᠎ᠶᠢᠨ ᠪᠠᠭ᠍ᠰᠢ᠎ᠶᠢᠨ ᠡᠩᠨᠡᠭᠡ᠎ᠶᠢ ᠪᠠᠶ᠋ᠢᠭᠤᠯᠬᠤ᠎ᠶᠢᠨ ᠲᠥᠯᠥᠭᠡ᠂ ᠣᠷᠳᠣᠰ ᠬᠣᠲᠠ᠎ᠶᠢᠨ《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠬᠥᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ》 ᠵᠡᠷᠭᠡ ᠪᠢᠴᠢᠭ ᠮᠠᠲᠧᠷᠢᠶᠠᠯ᠎ᠢ ᠳᠠᠷᠤᠮᠠᠯᠯᠠᠨ ᠲᠠᠷᠬᠠᠭᠠᠵᠤ᠂ ᠠᠯᠢ ᠣᠯᠠᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠰᠢᠨ᠎ᠡ ᠴᠠᠭ ᠦᠶ᠎ᠡ᠎ᠶᠢᠨ ᠬᠡᠦᠬᠡᠳ᠎ᠦᠨ ᠴᠡᠴᠡᠷᠯᠢᠭ᠎ᠤᠨ ᠪᠠᠭ᠍ᠰᠢ᠎ᠶᠢᠨ ᠡᠩᠨᠡᠭᠡ᠎ᠶᠢᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠦ ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ《ᠪᠠᠭ᠍ᠰᠢ᠎ᠶᠢ ᠬᠦᠴᠦᠷᠬᠡᠭᠵᠢᠭᠦᠯᠬᠦ》ᠵᠠᠮ᠎ᠢᠶᠠᠷ ᠰᠠᠢᠲᠤᠷ ᠵᠠᠮᠨᠠᠪᠠ ᠃
ᠣᠷᠳᠣᠰ ᠬᠤᠳᠠ᠎ᠶᠢᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠳ᠋ᠤ ᠪᠠᠭ᠍ᠰᠢ᠎ᠶᠢᠨ ᠬᠦᠴᠦᠨ ᠬᠦᠷᠦᠯᠴᠡᠬᠦ ᠦᠭᠡᠢ᠂ ᠴᠢᠨᠠᠷ ᠴᠢᠨᠰᠠᠭ᠎ᠠ ᠥᠨᠳᠥᠷ ᠪᠢᠰᠢ ᠪᠠᠢᠬᠤ ᠥᠷᠢᠰᠦᠯᠳᠦᠭᠡᠨ ᠨᠡᠯᠢᠶᠡᠳ ᠤᠷᠳᠤ ᠬᠤᠭᠤᠴᠠᠭᠠᠨ᠎ᠳᠤ ᠲᠤᠯᠭᠠᠷᠠᠵᠤ ᠪᠠᠢᠪᠠ᠃ ᠪᠠᠭ᠍ᠰᠢ᠎ᠶᠢᠨ ᠡᠩᠨᠡᠭᠡ᠎ᠶᠢᠨ ᠪᠦᠲᠦᠴᠡ᠎ᠶᠢ ᠰᠢᠯᠢᠳᠡᠭᠵᠢᠭᠦᠯᠬᠦ᠎ᠶᠢᠨ ᠲᠥᠯᠥᠭᠡ᠂ ᠣᠷᠳᠣᠰ ᠪᠠᠭ᠍ᠰᠢ᠎ᠶᠢᠨ ᠠᠵᠢᠯ ᠳ᠋ᠤ ᠣᠷᠣᠬᠤ᠎ᠶᠢ ᠵᠥᠪᠰᠢᠶᠡᠷᠡᠬᠦ᠂ ᠤᠷᠢᠬᠤ᠂ ᠨᠥᠭᠡᠴᠡᠯᠡᠬᠦ ᠂ ᠤᠬᠤᠷᠢᠨ ᠭᠠᠷᠬᠤ ᠲᠣᠭᠲᠠᠴᠠ᠎ᠶᠢᠨ ᠲᠠᠯ᠎ᠠ᠎ᠪᠠᠷ ᠲᠡᠭᠦᠯᠳᠡᠷᠵᠢᠭᠦᠯᠵᠦ᠂ ᠪᠠᠭ᠍ᠰᠢ ᠵᠢᠨ ᠡᠩᠨᠡᠭᠡ ᠶᠢᠨ ᠪᠠᠢᠭᠤᠯᠤᠯᠲᠠ᠎ᠶᠢ ᠲᠥᠯᠥᠪᠯᠡᠭᠡ᠎ᠲᠠᠢ᠂ ᠠᠯᠬᠤᠮ ᠳᠠᠷᠠᠭ᠎ᠠ᠎ᠲᠠᠢ ᠠᠬᠢᠭᠤᠯᠪᠠ᠃ ᠡᠭᠦᠨ᠎ᠦ ᠬᠠᠮᠲᠤ᠂ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠡᠷᠡᠭᠲᠡᠢ ᠪᠠᠭ᠍ᠰᠢ᠎ᠶᠢᠨ ᠲᠣᠭ᠎ᠠ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠰᠢᠢᠳᠪᠦᠷᠢᠯᠡᠬᠦ᠎ᠶᠢᠨ ᠲᠥᠯᠥᠭᠡ᠂ ᠣᠷᠳᠣᠰ ᠬᠣᠲᠠ᠎ᠶᠢᠨ ᠬᠢᠨ ᠬᠡᠦᠬᠡᠳ᠎ᠤᠨ ᠴᠡᠴᠡᠷᠯᠢᠭ ᠤ᠋ᠨ ᠡᠷᠡᠭᠳᠡᠢ ᠪᠠᠭ᠍ᠰᠢ ᠡᠯᠰᠡᠬᠦ᠎ᠳᠦ ᠡᠷᠦᠬᠡ ᠠᠮᠠ᠎ᠶᠢᠨ ᠲᠠᠩᠰᠠ᠎ᠶᠢ ᠨᠢ ᠬᠢᠵᠠᠭᠠᠷᠯᠠᠬᠤ ᠦᠭᠡᠢ ᠪᠡᠷ ᠲᠣᠭᠲᠠᠭᠠᠵᠠᠢ᠃ 2023 ᠣᠨ᠎ᠳᠤ᠂ ᠪᠥᠬᠥ ᠬᠣᠲᠠ᠎ᠶᠢᠨ ᠬᠡᠦᠬᠡᠳ᠎ᠤᠨ ᠴᠡᠴᠡᠷᠯᠢᠭ ᠤ᠋ᠨ ᠡᠷᠡᠭᠳᠡᠢ ᠪᠠᠭ᠍ᠰᠢ᠎ᠶᠢᠨ ᠡᠵᠡᠯᠡᠬᠦ ᠬᠠᠷᠢᠴᠠᠯ 11%᠎ᠳᠤ ᠬᠦᠷᠴᠦ᠂ ᠲᠠᠳᠠ ᠲᠣᠭᠯᠠᠭᠠᠮ᠎ᠤᠨ ᠬᠢᠴᠢᠶᠡᠯ᠂ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠪᠠᠢᠭᠤᠯᠤᠯᠲᠠ ᠪᠠ ᠬᠡᠷᠡᠭᠵᠢᠭᠦᠯᠦᠯᠲᠡ᠎ᠶᠢᠨ ᠳᠤᠮᠳᠠ ᠥᠪᠡᠷᠮᠢᠴᠡ ᠦᠢᠯᠡᠳᠦᠯ᠎ᠢᠶᠡᠨ ᠪᠠᠳᠠᠷᠠᠭᠤᠯᠤᠭᠰᠠᠨ ᠪᠠᠢᠨ᠎ᠠ᠃ ᠬᠠᠨ ᠱᠧᠩ ᠬᠤᠢ ᠪᠣᠯ ᠣᠷᠳᠣᠰ ᠬᠤᠳᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠠᠷᠪᠠᠨ ᠨᠢᠭᠡᠳᠦᠭᠡᠷ ᠬᠡᠦᠬᠡᠳ᠎ᠦᠨ ᠴᠡᠴᠡᠷᠯᠢᠭ᠎ᠦᠨ ᠵᠠᠬᠢᠷᠤᠯ ᠪᠤᠯᠤᠨ᠎ᠠ᠃ ᠦᠨᠳᠦᠰᠦᠨ ᠱᠠᠲᠤᠨ᠎ᠠᠴᠠ ᠦᠰᠦᠨ ᠪᠣᠢᠵᠢᠭ᠍ᠰᠠᠨ ᠡᠷᠡᠭᠲᠡᠢ ᠬᠡᠦᠬᠡᠳ᠎ᠤᠨ ᠴᠡᠴᠡᠷᠯᠢᠭ᠎ᠦᠨ ᠵᠠᠬᠢᠷᠤᠯ ᠪᠣᠯᠤᠭᠰᠠᠨ᠎ᠤ ᠬᠤᠪᠢ᠎ᠳᠤ᠂ ᠲᠡᠷᠡ ᠦᠪᠡᠷ ᠪᠡᠶ᠎ᠡ᠎ᠪᠡᠷ᠎ᠢᠶᠡᠨ ᠡᠷᠡᠭᠲᠡᠢ ᠪᠠᠭ᠍ᠰᠢ᠎ᠶᠢᠨ ᠠᠰᠠᠷᠠᠨ ᠬᠥᠮᠥᠵᠢᠭᠦᠯᠬᠦ ᠠᠵᠢᠯ᠎ᠳᠠᠬᠢ ᠦᠢᠯᠡᠳᠦᠯ᠎ᠢ ᠦᠵᠡᠭᠦᠯᠦᠭᠰᠡᠨ ᠪᠠᠢᠨ᠎ᠠ᠃ ᠲᠥᠷᠥ᠎ᠶᠢᠨ ᠪᠣᠳᠣᠯᠭ᠎ᠠ᠎ᠵᠢᠨ ᠨᠠᠢᠳᠠᠪᠤᠷᠢᠵᠢᠭᠤᠯᠤᠯᠳᠠ ᠪᠡᠷ ᠣᠷᠳᠣᠰᠬᠤᠳᠠ《ᠬᠣᠶᠠᠷ ᠪᠠᠭᠰᠢ ᠨᠢᠭᠡ ᠠᠰᠠᠷᠠᠭᠴᠢ》ᠪᠠ ᠡᠷᠡᠭᠦᠯ ᠬᠠᠮᠠᠭᠠᠯᠠᠯ ᠡᠷᠡᠭᠦᠯᠵᠢᠯ᠎ᠦᠨ ᠠᠵᠢᠯᠲᠠᠨ᠎ᠢ ᠭᠦᠢᠴᠡᠳ ᠲᠣᠬᠢᠷᠠᠭᠤᠯᠤᠭᠰᠠᠨ ᠪᠠᠢᠨ᠎ᠠ᠃ 2023 ᠣᠨ᠎ᠳᠤ᠂ ᠪᠥᠬᠥ ᠬᠣᠲᠠ᠎ᠶᠢᠨ ᠲᠤᠰᠬᠠᠢ ᠲᠤᠰᠢᠶᠠᠯ᠎ᠳᠤ ᠪᠠᠭ᠍ᠰᠢ 9000 ᠰᠢᠬᠠᠮ ᠪᠠᠢᠵᠤ᠂ ᠵᠢᠩᠬᠢᠨᠢ ᠠᠩᠭᠢ᠎ᠶᠢᠨ ᠰᠤᠷᠤᠯᠭ᠎ᠠ᠎ᠶᠢᠨ ᠨᠠᠮᠲᠠᠷ᠎ᠲᠠᠢ ᠬᠦᠮᠦᠨᠤ᠋ ᠡᠵᠡᠯᠡᠬᠦ ᠬᠠᠷᠢᠴᠠᠯ 63.3%᠎ᠳᠤ ᠬᠦᠷᠴᠦ᠂ 35 ᠨᠠᠰᠤᠨ ᠠ᠋ᠴᠠ ᠳᠣᠷᠣᠭ᠍ᠰᠢᠬᠢ ᠲᠤᠰᠬᠠᠢ ᠲᠤᠰᠢᠶᠠᠯ᠎ᠳᠤ ᠪᠠᠭ᠍ᠰᠢ᠎ᠶᠢᠨ ᠡᠵᠡᠯᠡᠬᠦ ᠬᠠᠷᠢᠴᠠᠯ 77%᠎ᠳᠤ ᠬᠦᠷᠴᠦ᠂ ᠪᠠᠭ᠍ᠰᠢ᠎ᠶᠢᠨ ᠡᠩᠨᠡᠭᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃
ᠪᠠᠭ᠍ᠰᠢ᠎ᠶᠢᠨ ᠲᠣᠭ᠎ᠠ ᠰᠢᠪᠲᠤᠯᠤᠯᠲᠠ᠎ᠲᠠᠢ ᠪᠣᠯᠤᠭᠰᠠᠨ᠎ᠤ ᠵᠡᠷᠬᠡ ᠪᠡᠷ ᠥᠨᠳᠥᠷ ᠬᠡᠪ ᠪᠣᠯᠪᠠᠰᠤᠷᠠᠯ᠎ᠲᠠᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠪᠠᠭ᠍ᠰᠢ᠎ᠶᠢᠨ ᠡᠩᠨᠡᠭᠡ᠎ᠶᠢ ᠪᠠᠶ᠋ᠢᠭᠤᠯᠬᠤ ᠲᠠᠯ᠎ᠠ᠎ᠪᠠᠷ ᠵᠠᠯᠭᠠᠭ᠎ᠠ᠎ᠪᠠᠷ ᠠᠷᠭ᠎ᠠ ᠤᠬᠠᠭᠠᠨ ᠭᠠᠷᠭᠠᠪᠠ᠃ ᠨᠢᠭᠡ ᠲᠠᠯ᠎ᠠ᠎ᠪᠠᠷ᠂ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢ ᠪᠠ ᠠᠩᠭᠢ᠎ᠶᠢᠨ ᠡᠷᠬᠢᠯᠡᠭᠴᠢ᠎ᠶᠢᠨ ᠬᠥᠮᠥᠨ᠎ᠢ ᠬᠥᠮᠥᠵᠢᠭᠦᠯᠬᠦ ᠠᠵᠢᠯ᠎ᠤᠨ ᠰᠢᠷᠢᠰ ᠤᠷᠤᠯᠳᠤᠭᠠᠨ᠎ᠢ ᠪᠠᠢᠭᠤᠯᠤᠨ ᠪᠦᠷᠢᠨᠰᠢᠭᠦᠯᠵᠦ᠂《ᠠᠩᠭᠢ᠎ᠶᠢᠨ ᠡᠷᠬᠢᠯᠡᠭᠴᠢ᠎ᠶᠢᠨ ᠦᠨᠳᠦᠰᠦᠨ ᠪᠣᠯᠪᠠᠰᠤᠷᠠᠯ》᠂《ᠶᠣᠰᠣ᠌ ᠰᠤᠷᠲᠠᠬᠤᠨ᠎ᠤ ᠬᠥᠮᠦᠵᠢᠯ᠎ᠦᠨ ᠴᠢᠳᠠᠪᠤᠷᠢᠲᠠᠨ》ᠵᠡᠷᠭᠡ ᠰᠢᠯᠭᠠᠷᠠᠭᠤᠯᠬᠤ ᠠᠵᠢᠯᠯᠠᠭ᠎ᠠ᠎ᠶᠢ ᠦᠷᠭᠦᠯᠵᠢᠯᠡᠨ ᠡᠷᠭᠢᠯᠡᠪᠡ; ᠨᠥᠭᠥᠭᠡ ᠲᠠᠯ᠎ᠠ᠎ᠪᠠᠷ᠂ ᠴᠡᠴᠡᠷᠯᠢᠭ᠎ᠦᠨ ᠵᠠᠬᠢᠷᠤᠯ ᠤ᠋ᠨ ᠴᠢᠳᠠᠪᠤᠷᠢ᠎ᠶᠢ ᠳᠡᠭᠡᠭᠰᠢᠯᠡᠭᠦᠯᠬᠦ ᠢᠨᠵᠧᠨᠧᠷᠢᠩ᠎ᠦᠨ ᠪᠣᠯᠪᠠᠰᠤᠷᠠᠯ᠂ ᠪᠡᠯᠡᠳᠬᠡᠯ ᠴᠡᠴᠡᠷᠯᠢᠭ᠎ᠦᠨ ᠵᠠᠬᠢᠷᠤᠯ᠎ᠤᠨ ᠭᠣᠣᠯᠯᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠪᠡ ᠃
2023 ᠣᠨ᠎ᠳᠤ᠂ ᠣᠷᠳᠣᠰ ᠬᠤᠳᠠ《ᠪᠠᠭ᠍ᠰᠢ᠎ᠶᠢᠨ ᠳᠠᠷᠤᠭᠠᠰᠤ᠎ᠶᠢ ᠬᠥᠩᠭᠡᠷᠡᠭᠦᠯᠬᠦ ᠨᠠᠷᠢᠨ ᠲᠠᠩᠰᠠ》ᠵᠢ ᠨᠡᠢᠲᠡᠯᠡᠵᠦ᠂ ᠱᠠᠯᠠᠪᠳᠠᠭᠤᠯᠤᠨ ᠪᠠᠢᠴᠠᠭᠠᠬᠤ ᠠᠳᠠᠯᠢᠳᠬᠠᠨ ᠰᠢᠯᠭᠠᠷᠠᠭᠤᠯᠬᠤ ᠰᠢᠯᠭᠠᠨ ᠬᠢᠨᠠᠬᠤ ᠳᠠᠷᠤᠭᠠᠰᠤ᠎ᠶᠢ ᠬᠥᠩᠭᠡᠷᠡᠭᠦᠯᠬᠦ ᠂ ᠨᠡᠢᠭᠡᠮ᠎ᠦᠨ ᠶᠠᠪᠤᠳᠠᠯ᠎ᠤᠨ ᠰᠤᠷᠭᠠᠭᠤᠯᠢ᠎ᠶᠢᠨ ᠬᠦᠷᠢᠶᠡᠨ᠎ᠳᠦ ᠣᠷᠣᠬᠤ ᠳᠠᠷᠤᠭᠠᠰᠤ᠎ᠶᠢ ᠬᠥᠩᠭᠡᠷᠡᠭᠦᠯᠬᠦ ᠵᠡᠷᠭᠡ 5 ᠲᠠᠯ᠎ᠠ ᠠ᠋ᠴᠠ 20 ᠵᠦᠢᠯ᠎ᠦᠨ ᠠᠷᠭ᠎ᠠ ᠬᠡᠮᠵᠢᠶ᠎ᠡ ᠳᠤᠷᠠᠳᠪᠠ᠃ ᠪᠠᠭ᠍ᠰᠢ᠎ᠶᠢᠨ ᠪᠢᠴᠢᠭ ᠮᠠᠲᠧᠷᠢᠶᠠᠯ ᠪᠢᠴᠢᠬᠦ ᠳᠠᠷᠤᠭᠠᠰᠤ᠎ᠶᠢ ᠬᠥᠩᠭᠡᠷᠡᠭᠦᠯᠬᠦ᠎ᠶᠢᠨ ᠲᠥᠯᠥᠭᠡ᠂ ᠣᠷᠳᠣᠰ ᠬᠣᠲᠠ᠎ᠶᠢᠨ ᠬᠢᠨ ᠬᠡᠦᠬᠡᠳ᠎ᠦᠨ ᠴᠡᠴᠡᠷᠯᠢᠭ᠎ᠦᠨ ᠡᠬᠢ ᠪᠠᠶᠠᠯᠢᠭ᠋᠎ᠤᠨ ᠬᠥᠮᠥᠷᠭᠡ ᠪᠠᠶ᠋ᠢᠭᠤᠯᠬᠤ᠎ᠶᠢ ᠵᠣᠷᠢᠭ᠍ᠵᠢᠭᠤᠯᠵᠤ ᠂ ᠨᠢᠭᠡ ᠲᠠᠯ᠎ᠠ᠎ᠪᠠᠷ ᠮᠡᠳᠡᠭᠡ ᠵᠠᠩᠭᠢ᠎ᠶᠢ ᠨᠡᠢᠳᠬᠡᠵᠦ᠂ ᠪᠢᠴᠢᠭ ᠮᠠᠲᠧᠷᠢᠶᠠᠯ ᠪᠢᠴᠢᠬᠦ ᠠᠵᠢᠯ᠎ᠢ ᠳᠠᠬᠢᠨ ᠳᠠᠪᠲᠠᠨ ᠬᠢᠬᠦ ᠦᠭᠡᠢ᠂ ᠨᠥᠭᠥᠭᠡ ᠲᠠᠯ᠎ᠠ᠎ᠪᠠᠷ ᠡᠯᠧᠺᠲᠷᠣᠨ ᠲᠥᠰᠥᠯ᠎ᠢ ᠴᠤᠭᠯᠠᠭᠤᠯᠬᠤ᠎ᠶᠢᠨ ᠬᠠᠮᠲᠤ᠂ ᠪᠠᠭ᠍ᠰᠢ ᠨᠠᠷ᠎ᠤᠨ ᠭᠣᠣᠯ ᠠᠵᠢᠯ ᠢ᠋ ᠬᠡᠦᠬᠡᠳ᠎ᠢ ᠠᠵᠢᠭ᠍ᠯᠠᠨ ᠣᠢᠯᠠᠭᠠᠬᠤ ᠳᠡᠭᠡᠷ᠎ᠡ ᠰᠢᠯᠵᠢᠬᠦᠯᠪᠡ᠃ ᠵᠢᠭᠠᠬᠤ ᠵᠢ ᠰᠤᠳᠤᠯᠬᠤ ᠂ ᠬᠢᠨᠠᠨ ᠵᠢᠯᠤᠭᠣᠳᠬᠤ᠂ ᠲᠤᠬᠠᠢᠯᠠᠭᠰᠠᠨ ᠠᠵᠢᠯ᠂ ᠵᠠᠰᠠᠭ ᠵᠠᠬᠢᠷᠭᠠᠨ᠎ᠤ ᠬᠦᠴᠦᠨ᠎ᠢ ᠨᠡᠢᠳᠬᠡᠵᠦ᠂ ᠡᠯ᠎ᠡ ᠰᠠᠯᠠᠭ᠎ᠠ ᠮᠥᠴᠢᠷ᠎ᠦᠨ ᠠᠵᠢᠯ᠎ᠢ ᠴᠥᠮ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠴᠢᠨᠠᠷ᠎ᠴᠢᠨᠰᠠᠭ᠎ᠠ ᠵᠢ ᠳᠡᠭᠡᠭᠰᠢᠯᠡᠭᠦᠯᠬᠦ ᠳᠡᠭᠡᠷ᠎ᠡ ᠲᠥᠪᠯᠡᠷᠡᠭᠦᠯᠵᠦ ᠂ ᠬᠡᠦᠬᠡᠳ᠎ᠦᠨ ᠴᠡᠴᠡᠷᠯᠢᠭ᠎ᠦᠨ ᠰᠢᠯᠭᠠᠨ ᠬᠢᠨᠠᠬᠤ ᠠᠭᠤᠯᠭ᠎ᠠ᠎ᠶᠢ ᠪᠠᠭ᠍ᠰᠢ᠎ᠶᠢᠨ ᠪᠡᠶᠡᠯᠡᠭᠦᠯᠬᠦ ᠪᠣᠳᠠᠲᠠᠢ ᠠᠵᠢᠯ᠎ᠲᠠᠢ ᠨᠢᠭ᠍ᠲᠠ ᠤᠶᠠᠯᠳᠤᠭᠤᠯᠤᠨ᠂ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠬᠥᠭᠵᠢᠯᠲᠡ ᠪᠠ ᠬᠡᠦᠬᠡᠳ᠎ᠦᠨ ᠬᠥᠭᠵᠢᠯᠲᠡ᠎ᠶᠢ 《ᠨᠢᠭᠡᠳᠬᠡᠬᠦ》 ᠵᠢ ᠪᠡᠶᠡᠯᠡᠭᠦᠯᠪᠡ᠃ 《ᠤᠤᠯ ᠨᠢ ᠭᠠᠷᠠᠭ ᠪᠦᠷᠢ ᠨᠢᠭᠡ ᠬᠡᠷᠡᠭ᠎ᠦᠨ ᠵᠢᠱ᠌ᠢᠶ᠎ᠡ ᠪᠢᠴᠢᠬᠦ ᠴᠢᠬᠤᠯᠠᠲᠠᠢ ᠪᠠᠢᠵᠠᠢ᠂ ᠣᠳᠣ᠌ ᠬᠣᠶᠠᠷ ᠰᠠᠷ᠎ᠠ᠎ᠳᠤ ᠨᠢᠬᠡ ᠵᠢ ᠪᠢᠴᠢᠪᠡᠯ ᠪᠤᠯᠴᠢᠬᠠᠨ᠎ᠠ᠂ ᠦᠯᠡᠳᠡᠭᠰᠡᠨ ᠴᠠᠭ᠎ᠢᠶᠠᠨ ᠪᠦᠬᠦᠨ ᠢ᠋ ᠠᠵᠢᠭ᠍ᠯᠠᠬᠤ ᠪᠠ ᠵᠢᠭᠠᠨ ᠰᠤᠷᠭᠠᠬᠤ᠎ᠳᠤ ᠵᠠᠷᠤᠴᠠᠭᠤᠯᠵᠤ᠂ ᠲᠤᠰᠬᠠᠢ ᠮᠡᠷᠭᠡᠵᠢᠯ᠎ᠦᠨ ᠴᠢᠳᠠᠪᠤᠷᠢ ᠳᠡᠬᠡᠭᠰᠢᠯᠡᠬᠦᠯᠵᠦ ᠪᠠᠢᠨ᠎ᠠ》ᠬᠡᠵᠦ ᠡᠵᠡᠨ ᠬᠣᠷᠣᠭ᠎ᠠ ᠬᠣᠰᠢᠭᠤᠨ᠎ᠤ ᠬᠣᠶᠠᠳᠤᠭᠠᠷ ᠬᠡᠦᠬᠡᠳ᠎ᠦᠨ ᠴᠡᠴᠡᠷᠯᠢᠭ᠎ᠦᠨ ᠪᠠᠭ᠍ᠰᠢ ᠯᠢᠦᠢ ᠵᠢᠩ ᠡᠨᠡ ᠲᠤᠬᠠᠢ ᠭᠦᠨ ᠲᠥᠷᠥᠭᠳᠡᠯ᠎ᠲᠠᠢ ᠶᠠᠷᠢᠵᠤ ᠪᠠᠢᠯ᠎ᠠ᠃
ᠪᠠᠭ᠍ᠰᠢ᠎ᠶᠢᠨ ᠬᠠᠷᠠᠭᠠᠯᠵᠠᠯ᠎ᠢ ᠪᠠᠲᠤᠯᠠᠬᠤ ᠲᠠᠯ᠎ᠠ᠎ᠪᠠᠷ᠂ ᠣᠷᠳᠣᠰ ᠬᠣᠲᠠ᠎ᠶᠢᠨ ᠬᠢᠨ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠣᠷᠣᠨ ᠲᠣᠭ᠎ᠠ᠎ᠳ᠋ᠤ ᠦᠭᠡᠢ ᠪᠠᠭ᠍ᠰᠢ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠪᠠᠭᠰᠢ ᠨᠠᠷ ᠪᠠᠭ᠍ᠰᠢ᠎ᠶᠢᠨ ᠮᠡᠷᠭᠡᠵᠢᠯ᠎ᠦᠨ ᠴᠣᠯᠠ ᠲᠣᠭᠲᠠᠭᠠᠬᠤ᠂ ᠬᠢᠷᠢ ᠬᠡᠮ᠎ᠢ ᠮᠠᠭᠠᠳᠯᠠᠨ ᠲᠣᠭᠲᠠᠭᠠᠬᠤ᠂ ᠰᠤᠷᠤᠯᠴᠠᠯᠭ᠎ᠠ ᠪᠣᠯᠪᠠᠰᠤᠷᠠᠯ ᠬᠢᠬᠦ᠂ ᠰᠢᠯᠢᠳᠡᠭ ᠳᠡᠷᠢᠬᠦᠨ ᠢ᠋ ᠰᠢᠯᠭᠠᠷᠠᠭᠤᠯᠬᠤ ᠵᠡᠷᠭᠡ ᠲᠠᠯ᠎ᠠ᠎ᠪᠠᠷ ᠠᠯᠪᠠᠨ ᠠ᠋ᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠣᠷᠣᠨ ᠲᠣᠭ᠎ᠠ᠎ᠳᠤ ᠪᠠᠢᠭ᠎ᠠ ᠪᠠᠭ᠍ᠰᠢ᠎ᠲᠠᠢ ᠠᠳᠠᠯᠢᠬᠠᠨ ᠬᠠᠷᠠᠭᠠᠯᠵᠠᠯ ᠬᠦᠷᠲᠡᠭᠡᠪᠡ᠃
ᠬᠤᠵᠢᠮ ᠢᠷᠡᠭᠡᠳᠦᠢ᠎ᠳᠦ᠂ ᠣᠷᠳᠣᠰ ᠬᠤᠳᠠ ᠵᠢᠨ ᠬᠢᠨ ᠪᠠᠭ᠍ᠰᠢ᠎ᠶᠢᠨ ᠡᠩᠨᠡᠭᠡ᠎ᠶᠢᠨ ᠪᠦᠲᠦᠴᠡ᠎ᠶᠢ ᠰᠢᠯᠢᠳᠡᠭᠵᠢᠭᠦᠯᠬᠦ᠂ ᠪᠠᠭ᠍ᠰᠢ᠎ᠶᠢ ᠬᠥᠮᠥᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠬᠦ᠂ ᠪᠠᠭ᠍ᠰᠢ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ᠂ ᠪᠠᠭ᠍ᠰᠢ᠎ᠶᠢᠨ ᠬᠦᠷᠳᠡᠮᠵᠢ ᠣᠯᠭᠣᠮᠵᠢ ᠵᠢᠨ ᠪᠠᠲᠤᠯᠠᠭ᠎ᠠ᠎ᠶᠢ ᠴᠢᠩᠭᠠᠳᠬᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠥᠨᠳᠥᠷ ᠬᠡᠪ ᠪᠣᠯᠪᠠᠰᠤᠷᠠᠯ᠎ᠲᠠᠢ ᠴᠡᠴᠡᠷᠯᠢᠭ᠎ᠦᠨ ᠪᠠᠭ᠍ᠰᠢ᠎ᠶᠢᠨ ᠡᠩᠨᠡᠭᠡ᠎ᠶᠢ ᠪᠦᠬᠦ ᠬᠦᠴᠦᠨ᠎ᠢᠶᠡᠷ᠎ᠢᠶᠡᠨ ᠴᠣᠭᠴᠠᠯᠠᠵᠤ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢᠨ ᠰᠠᠭᠤᠷᠢ᠎ᠶᠢ ᠪᠠᠳᠤᠳᠬᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃