2024-09-17 17:01:04
ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠠᠴᠠ ᠲᠠᠭᠠᠭᠠᠴᠢᠯᠠᠨ ᠡᠷᠭᠢᠯᠡᠭ᠌ᠰᠡᠨ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ ᠤᠨ 《0 — 6 ᠨᠠᠰᠤᠨ ᠤ ᠬᠡᠦᠭᠡᠳ᠎ᠢ ᠱᠢᠨᠵᠢᠯᠡᠬᠦ᠌ ᠤᠬᠠᠭᠠᠨᠴᠢ᠎ᠪᠠᠷ ᠦᠰᠭᠡᠨ ᠪᠣᠢᠵᠢᠭᠤᠯᠬᠤ ᠨᠡᠢᠭᠡᠮ ᠲᠤᠭᠤᠷᠢᠭ ᠭᠡᠷ ᠪᠦᠯᠢ ᠵᠢ ᠲᠡᠮᠵᠢᠵᠦ ᠲᠡᠯᠭᠡᠷᠡᠬᠦᠯᠬᠦ》 ᠲᠥᠷᠥᠯ ᠵᠦᠶ᠋ᠯ ᠦᠨ ᠲᠤᠷᠱᠢᠯᠭ᠎ᠠ ᠰᠣᠯᠢᠯᠴᠠᠬᠤ ᠬᠤᠷᠠᠯ ᠲᠥᠷᠤᠬᠥᠭᠡᠨ ᠱᠢᠯᠢ᠎ᠶ᠋ᠢᠨ ᠭᠤᠤᠯ ᠠᠢᠮᠠᠭ ᠲᠤ ᠬᠤᠷᠠᠯᠳᠤᠪᠠ᠃ ᠤᠯᠤᠰ ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠦᠨ ᠨᠡᠢᠭᠡᠮ ᠦᠨ ᠬᠥᠭ᠌ᠵᠢᠯᠲᠡ ᠶ᠋ᠢᠨ ᠰᠤᠳᠤᠯᠭᠠᠨ᠎ᠤ ᠭᠠᠵᠠᠷ᠂ ᠳᠤᠮᠳᠠᠳᠤ ᠤᠯᠤᠰ ᠤᠨ ᠲᠥᠯᠥᠪᠯᠡᠭᠡᠲᠦ ᠦᠷᠡᠵᠢᠯ ᠦᠨ ᠨᠡᠢᠭᠡᠮᠯᠢᠭ᠂ ᠲᠥᠪ ᠦᠨ ᠦᠨᠳᠦᠰᠦᠲᠡᠨ ᠦ ᠶᠡᠬᠡ ᠰᠤᠷᠭᠠᠭᠤᠯᠢ ᠵᠡᠷᠭᠡ ᠬᠡᠦᠬᠡᠳ ᠦᠨ ᠠᠩᠬᠠᠨ ᠤ ᠬᠥᠭ᠌ᠵᠢᠯᠲᠡ᠎ᠶ᠋ᠢᠨ ᠦᠶ᠋ᠯᠡᠴᠢᠯᠡᠭᠡᠨ ᠦ ᠬᠠᠮᠢᠶ᠎ᠠ ᠪᠥᠬᠥᠶ ᠬᠦᠷᠢᠶᠡᠨ ᠦ ᠲᠤᠰᠭᠠᠶ ᠮᠡᠷᠭᠡᠵᠢᠯᠲᠡᠨ ᠡᠷᠳᠡᠮᠲᠡᠨ᠂ ᠡᠯ᠎ᠡ ᠮᠤᠵᠢ ᠣᠷᠣᠨ ᠤ ᠡᠮᠡᠭ᠌ᠲᠡᠢᠴᠦᠳ᠎ᠦᠨ ᠬᠣᠯᠪᠣᠭ᠎ᠠ᠂ ᠨᠡᠢᠲᠡ ᠶ᠋ᠢᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ᠂ ᠲᠤᠰᠭᠠᠶ ᠮᠡᠷᠭᠡᠵᠢᠯᠲᠡᠳ ᠡᠴᠡ ᠬᠡᠦᠬᠡᠳ ᠦᠨ ᠡᠷᠲᠡ ᠦᠶ᠎ᠡ᠎ᠶ᠋ᠢᠨ ᠬᠥᠭ᠌ᠵᠢᠯᠲᠡ ᠵᠢ ᠴᠢᠬᠤᠯᠠᠴᠢᠯᠠᠬᠤ ᠬᠡᠷ ᠪᠦᠯᠢ᠎ᠶ᠋ᠢ ᠳᠡᠮᠵᠢᠬᠦ᠌ ᠵᠠᠭ᠍ᠪᠤᠷ ᠢ ᠲᠦᠭᠡᠮᠡᠯᠵᠢᠭᠦᠯᠬᠦ᠌ ᠪᠠ ᠦᠷᠬᠦᠯᠵᠢᠯᠡᠨ ᠬᠦᠭᠵᠢᠬᠦᠯᠬᠦ ᠵᠡᠷᠭᠡ ᠲᠠᠯ᠎ᠠ ᠪᠡᠷ ᠭᠦᠨᠵᠡᠭᠡᠶ ᠰᠤᠳᠤᠯᠤᠨ ᠶᠠᠷᠢᠯᠴᠠᠪᠠ᠃
ᠬᠤᠷᠠᠯ᠎ᠤᠨ ᠬᠤᠭᠤᠴᠠᠭᠠᠨ᠎ᠳᠤ᠂ ᠬᠤᠷᠠᠯ ᠳᠤ ᠣᠷᠣᠯᠴᠠᠭ᠍ᠰᠠᠳ ᠪᠠᠰᠠ ᠱᠢᠯᠢᠩᠬᠣᠲᠠ᠎ᠶ᠋ᠢᠨ ᠬᠥᠭ᠌ᠵᠢᠯ ᠨᠡᠢᠭᠡᠮ ᠲᠣᠭᠣᠷᠢᠭ᠂ ᠤᠯᠠᠭᠠᠨᠲᠤᠭ ᠨᠡᠢᠭᠡᠮ ᠲᠣᠭᠣᠷᠢᠭ᠎ᠤᠨ ᠲᠥᠷᠥᠯ ᠵᠦᠶ᠋ᠯ᠎ᠦᠨ ᠴᠡᠭ᠎ᠲᠦ ᠭᠦᠨᠵᠡᠭᠡᠢᠷᠡᠨ ᠲᠣᠭᠣᠷᠢᠨ ᠦᠵᠡᠵᠦ᠍᠂ ᠬᠡᠷ ᠦᠨ ᠠᠬᠠᠮᠠᠳ᠂ ᠬᠡᠦᠬᠡᠳ ᠪᠠᠭᠠᠴᠤᠳ᠎ᠲᠠᠶ ᠶᠠᠷᠢᠯᠴᠠᠵᠤ᠂ ᠲᠥᠷᠥᠯ ᠵᠦᠶ᠋ᠯ ᠦᠨ ᠦᠶ᠋ᠯᠡᠳᠦᠯᠭᠡ᠎ᠶ᠋ᠢᠨ ᠲᠤᠷᠱᠢᠯᠭ᠎ᠠ᠎ᠪᠠᠨ ᠰᠣᠯᠢᠯᠴᠠᠪᠠ᠃
ᠣᠢᠯᠠᠭᠠᠭ᠍ᠰᠠᠨ᠎ᠢᠶᠠᠷ᠂ 2021 ᠣᠨ᠎ᠠᠴᠠ ᠡᠬᠢᠯᠡᠨ ᠲᠤᠰ ᠲᠦᠷᠦᠯ ᠵᠦᠢᠯ᠎ᠢ ᠮᠠᠨ᠎ᠤ ᠣᠷᠣᠨ᠎ᠤ ᠱᠢᠯᠢ᠎ᠶ᠋ᠢᠨ ᠭᠤᠤᠯ ᠠᠢᠮᠠᠭ᠎ᠤᠨ ᠱᠢᠯᠢᠩᠬᠣᠲᠠ᠎ᠶ᠋ᠢᠨ ᠬᠥᠭ᠌ᠵᠢᠯ ᠨᠡᠢᠭᠡᠮ ᠲᠣᠭᠣᠷᠢᠭ᠂ ᠢᠲᠡᠬᠡᠯ ᠨᠡᠢᠭᠡᠮ ᠲᠣᠭᠣᠷᠢᠭ᠂ ᠤᠯᠠᠭᠠᠨᠲᠤᠭ ᠨᠡᠢᠭᠡᠮ ᠲᠣᠭᠣᠷᠢᠭ᠂ ᠴᠡᠴᠡᠷᠯᠢᠭ ᠨᠡᠢᠭᠡᠮ ᠲᠣᠭᠣᠷᠢᠭ᠂ ᠡᠷᠳᠡᠨᠢ ᠨᠡᠢᠭᠡᠮ ᠲᠣᠭᠣᠷᠢᠭ ᠵᠡᠷᠭᠡ ᠲᠠᠪᠤᠨ ᠨᠡᠢᠭᠡᠮ ᠲᠣᠭᠣᠷᠢᠭ᠎ᠲᠤ ᠲᠤᠷᠱᠢᠨ ᠬᠡᠷᠡᠭ᠌ᠵᠢᠭᠦᠯᠪᠠ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠷᠥᠯ ᠵᠦᠶ᠋ᠯ ᠦᠨ ᠲᠤᠰᠭᠠᠶ ᠮᠡᠷᠭᠡᠵᠢᠯᠲᠡᠨ᠎ᠦ ᠪᠦᠯᠬᠦᠮ ᠪᠠᠢᠭᠤᠯᠵᠦ᠂ 《〈ᠪᠥᠬᠥ᠌ ᠤᠯᠤᠰ ᠤᠨ ᠡᠮᠡᠭ᠌ᠲᠡᠢᠴᠦᠳ᠎ᠦᠨ ᠬᠣᠯᠪᠣᠭ᠎ᠠ — ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠶ᠋ᠢᠨ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ᠎ᠦᠨ 〈0 - 6 ᠨᠠᠰᠤᠨ ᠤ ᠬᠡᠦᠭᠡᠳ ᠢ ᠱᠢᠨᠵᠢᠯᠡᠬᠦ᠌ ᠤᠬᠠᠭᠠᠨᠴᠢ ᠪᠡᠷ ᠦᠰᠭᠡᠨ ᠪᠣᠢᠵᠢᠭᠤᠯᠬᠤ ᠨᠡᠢᠭᠡᠮ ᠲᠣᠭᠣᠷᠢᠭ ᠬᠡᠷ ᠪᠦᠯᠢ᠎ᠶ᠋ᠢ ᠳᠡᠮᠵᠢᠵᠦ᠍ ᠳᠡᠯᠭᠡᠷᠡᠭᠦᠯᠬᠦ᠌〉 ᠲᠥᠷᠥᠯ ᠵᠦᠶ᠋ᠯ᠎ᠢ ᠵᠢᠷᠤᠮᠵᠢᠭᠤᠯᠤᠨ ᠬᠠᠮᠢᠶᠠᠷᠬᠤ ᠠᠵᠢᠯ᠎ᠢ ᠴᠢᠩᠭᠠᠳᠭᠠᠬᠤ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠦ᠂ ᠲᠥᠷᠥᠯ ᠵᠦᠶ᠋ᠯ᠎ᠢ ᠮᠠᠨ᠎ᠤ ᠤᠷᠤᠨ᠎ᠤ ᠡᠮᠡᠭ᠌ᠲᠡᠢᠴᠦᠳ ᠬᠡᠦᠬᠡᠳ᠎ᠦᠨ ᠲᠥᠷᠥᠯ ᠵᠦᠶ᠋ᠯ ᠦᠨ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ ᠳᠤ ᠣᠷᠣᠭᠤᠯᠵᠦ᠂ ᠨᠡᠢᠭᠡᠮ ᠲᠣᠭᠣᠷᠢᠭ᠎ᠢᠶᠠᠷ ᠰᠠᠭᠤᠷᠢ ᠪᠣᠯᠭᠠᠭ᠍ᠰᠠᠨ 0 — 6 ᠨᠠᠰᠤᠨ᠎ᠤ ᠬᠡᠦᠭᠡᠳ ᠢ ᠱᠢᠨᠵᠢᠯᠡᠬᠦ᠌ ᠤᠬᠠᠭᠠᠨᠴᠢ᠎ᠪᠠᠷ ᠦᠰᠭᠡᠨ ᠪᠣᠢᠵᠢᠭᠤᠯᠬᠤ ᠪᠠ ᠭᠡᠷ᠎ᠤᠨ ᠬᠥᠮᠦᠵᠢᠯ ᠦᠨ ᠦᠢᠯᠡᠴᠢᠯᠡᠭᠡᠨ᠎ᠦ ᠬᠡᠪ ᠵᠠᠭ᠍ᠪᠤᠷ᠎ᠢ ᠢᠳᠡᠪᠬᠢᠲᠡᠶ᠎ᠪᠡᠷ ᠰᠦᠪᠡᠭ᠌ᠴᠢᠯᠡᠵᠦ᠂ ᠨᠡᠢᠭᠡᠮ ᠲᠣᠭᠣᠷᠢᠭ ᠤᠨ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠲᠦᠷᠦᠯ ᠵᠦᠢᠯ᠎ᠤᠨ ᠰᠠᠢᠨ ᠲᠤᠷᠠᠴᠤᠳ᠎ᠤᠨ ᠪᠣᠯᠪᠠᠰᠤᠷᠠᠯ᠎ᠤᠨ ᠠᠩᠭᠢ ᠵᠡᠷᠭᠡ᠎ᠶ᠋ᠢ ᠣᠯᠠᠨᠲᠠ ᠡᠷᠬᠢᠯᠡᠵᠦ᠂ ᠲᠤᠬᠠᠶ᠎ᠶ᠋ᠢᠨ ᠭᠠᠵᠠᠷ ᠤᠨ ᠭᠡᠷ ᠪᠦᠯᠢ ᠶ᠋ᠢᠨ ᠠᠰᠠᠷᠠᠨ ᠬᠥᠮᠦᠵᠢᠭᠦᠯᠬᠦ᠌ ᠴᠢᠳᠠᠪᠤᠷᠢ ᠪᠠ ᠬᠡᠦᠬᠡᠳ ᠪᠣᠢᠵᠢᠭᠤᠯᠬᠤ ᠬᠢᠷᠢ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠵᠦ᠂ ᠬᠢᠯᠢ ᠬᠢᠵᠠᠭᠠᠷ ᠤᠨ ᠦᠨᠳᠦᠰᠦᠲᠡᠨ᠎ᠦ ᠭᠠᠵᠠᠷ ᠣᠷᠣᠨ ᠤ ᠬᠡᠦᠬᠡᠳ᠎ᠦᠨ ᠠᠩᠬᠠᠨ᠎ᠤ ᠬᠥᠭ᠌ᠵᠢᠯᠲᠡ᠎ᠶ᠋ᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ 2024 ᠣᠨ᠎ᠤ 6 ᠰᠠᠷ᠎ᠠ᠎ᠳᠤ᠂ ᠲᠣᠰ ᠲᠥᠷᠥᠯ ᠵᠦᠶ᠋ᠯ ᠢ ᠠᠯᠠᠱᠠ ᠠᠢᠮᠠᠭ᠂ ᠬᠥᠯᠥᠨ ᠪᠣᠢᠷ ᠬᠣᠲᠠ᠎ᠶ᠋ᠢᠨ 10 ᠨᠡᠢᠭᠡᠮ ᠲᠣᠭᠣᠷᠢᠭ᠎ᠲᠤ ᠥᠷᠭᠡᠳᠭᠡᠵᠦ᠍᠂ ᠨᠢᠭᠡᠨᠲᠡ 6000 ᠭᠠᠷᠤᠶ ᠬᠡᠦᠬᠡᠳ᠎ᠦᠨ ᠬᠡᠷ ᠦᠨ ᠠᠬᠠᠮᠠᠳ ᠲᠤ ᠱᠢᠨᠵᠢᠯᠡᠬᠦ᠌ ᠤᠬᠠᠭᠠᠨᠴᠢ ᠪᠠᠷ ᠬᠡᠦᠬᠡᠳ ᠪᠣᠢᠵᠢᠭᠤᠯᠬᠤ ᠵᠢᠯᠣᠭᠣᠳᠣᠯᠭ᠎ᠠ ᠬᠠᠩᠭᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃