2025-02-17 16:53:15
ᠤᠢᠷ᠎ᠠ ᠳ᠋ᠤ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ 2024 ᠣᠨ᠎ᠤ 《ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠲᠦᠬᠡᠮᠡᠯᠵᠢᠬᠦᠯᠬᠦ ᠲᠦᠭᠡᠮᠡᠯ ᠬᠠᠷᠠᠭᠠᠯᠵᠠᠯ ᠦᠵᠡᠭᠦᠯᠬᠦ ᠰᠢᠶᠠᠨ ( ᠬᠣᠲᠠ᠂ ᠲᠣᠭᠣᠷᠢᠭ᠋ )》 ᠤ᠋ ᠨᠡᠷᠡᠰ᠎ᠢ ᠨᠡᠢᠳᠡᠯᠡᠵᠦ᠂ ᠮᠠᠨ ᠤ᠋ ᠤᠷᠤᠨ᠎ᠤ 7 ᠬᠣᠰᠢᠭᠤ ᠰᠢᠶᠠᠨ ᠲᠤᠰ ᠨᠡᠷᠡᠰ᠎ᠤᠨ ᠵᠢᠭᠰᠠᠭᠠᠯᠳᠠ ᠳ᠋ᠤ ᠲᠤᠳᠤᠷᠠᠭᠰᠠᠨ ᠪᠠᠢᠨ᠎ᠠ᠃ ᠡᠨᠡ ᠬᠦ᠌ 7 ᠬᠤᠰᠢᠭᠤ ᠰᠢᠶᠠᠨ ᠪᠤᠯ ᠣᠷᠳᠣᠰ ᠬᠤᠳᠠ ᠵᠢᠨ ᠬᠠᠩᠭᠢᠨ ᠬᠣᠰᠢᠭᠤ᠂ ᠪᠠᠶᠠᠨᠨᠠᠭᠤᠷ ᠬᠤᠳᠠ ᠵᠢᠨ ᠤᠷᠠᠳ᠎ᠤᠨ ᠳᠤᠮᠳᠠᠳᠤ ᠬᠣᠰᠢᠭᠤ᠂ ᠤᠯᠠᠭᠠᠨᠴᠠᠪ ᠬᠤᠳᠠ ᠵᠢᠨ ᠱᠠᠩᠳᠤ ᠰᠢᠶᠠᠨ᠂ ᠳᠥᠷᠪᠡᠳ ᠬᠣᠰᠢᠭᠤ᠂ ᠰᠢᠯᠢ᠎ᠶᠢᠨ ᠭᠣᠣᠯ ᠠᠢᠮᠠᠭ ᠤᠨ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠰᠥᠨᠢᠳ ᠪᠠᠷᠠᠭᠤᠨ ᠬᠣᠰᠢᠭᠤ ᠪᠤᠯᠤᠨ᠎ᠠ᠃
2023 ᠣᠨ᠎ᠳᠤ ᠮᠠᠨ᠎ᠤ ᠤᠷᠤᠨ᠎ᠤ 9 ᠬᠣᠰᠢᠭᠤ ᠰᠢᠶᠠᠨ(ᠲᠣᠭᠣᠷᠢᠭ᠋)ᠪᠥᠬᠥ ᠤᠯᠤᠰ᠎ᠤ᠋ᠨ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ ᠰᠢᠶᠠᠨ᠎ᠢᠶᠠᠷ ᠲᠣᠭᠲᠠᠭᠠᠭᠳᠠᠭᠰᠠᠨᠤ ᠳᠠᠷᠠᠭ᠎ᠠ ᠪᠦᠬᠦ ᠣᠷᠣᠨ᠎ᠤ ᠰᠢᠶᠠᠨ᠎ᠤ ᠬᠡᠪᠴᠢᠶᠡᠨ᠎ᠦ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ ᠡᠭᠦᠳᠦᠨ ᠪᠠᠶ᠋ᠢᠭᠤᠯᠬᠤ ᠠᠵᠢᠯ ᠳᠠᠬᠢᠨᠲᠠ ᠰᠢᠨ᠎ᠡ ᠠᠮᠵᠢᠯᠲᠠ ᠵᠢ ᠪᠢᠴᠢᠭᠯᠡᠵᠡᠢ᠃
ᠳᠠᠷᠠᠭᠠᠴᠢ᠎ᠶᠢᠨ ᠠᠯᠬᠤᠮ᠎ᠳᠤ᠂ ᠮᠠᠨ᠎ᠤ ᠣᠷᠣᠨ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠬᠠᠤᠯᠢ》 ᠵᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠣᠰᠣ᠌ ᠰᠤᠷᠳᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢᠨ ᠲᠣᠭᠣᠷᠢᠨ᠎ᠳᠤ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠨᠡᠶ᠋ᠢᠲᠡ᠎ᠶᠢᠨ ᠠᠰᠠᠷᠠᠮᠵᠢ᠎ᠶᠢᠨ ᠲᠦᠭᠡᠮᠡᠯ ᠬᠠᠷᠠᠭᠠᠯᠵᠠᠯ᠎ᠦᠵᠡᠬᠦᠯᠬᠦ ᠦᠨᠳᠦᠰᠦᠨ ᠴᠢᠭᠯᠡᠯ᠎ᠢ ᠪᠠᠲᠤ ᠡᠵᠡᠮᠳᠡᠨ᠂ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠲᠦᠭᠡᠮᠡᠯ ᠬᠠᠷᠠᠭᠠᠯᠵᠠᠯ᠎ᠦᠵᠡᠬᠦᠯᠬᠦ ᠪᠠᠲᠤᠯᠠᠭ᠎ᠠ᠎ᠶᠢᠨ ᠲᠣᠭᠲᠠᠴᠠ᠎ᠶᠢ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠢ ᠶᠡᠬᠡ ᠪᠡᠷ ᠬᠥᠭᠵᠢᠭᠦᠯᠦᠨ᠂ ᠲᠤᠳᠤᠭᠠᠳᠤ ᠠᠭᠤᠯᠬᠤᠨ᠎ᠤ ᠪᠠᠢᠭᠤᠯᠤᠯᠲᠠ᠎ᠶᠢ ᠴᠢᠩᠭᠠᠳᠬᠠᠵᠤ᠂ ᠬᠡᠦᠬᠡᠳ᠎ᠦᠨ ᠴᠡᠴᠡᠷᠯᠢᠭ᠎ᠢ ᠬᠥᠲᠥᠯᠥᠨ ᠵᠢᠯᠤᠭᠣᠳᠴᠤ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ᠎ᠶᠢ ᠬᠠᠷᠢᠯᠴᠠᠨ ᠤᠶᠠᠯᠳᠤᠭᠤᠯᠬᠤ᠎ᠶᠢ ᠪᠠᠷᠢᠮᠲᠠᠯᠠᠨ ᠬᠡᠦᠬᠡᠳ᠎ᠤᠳ᠎ᠦᠨ ᠡᠷᠡᠭᠦᠯ ᠪᠥᠭᠡᠳ ᠪᠠᠶᠠᠷ ᠬᠥᠷ᠎ᠲᠠᠢ ᠦᠰᠦᠨ ᠪᠣᠢᠵᠢᠬᠤ᠎ᠶᠢ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃