2025-04-21 14:27:20
《ᠡᠨᠡᠬᠦ᠌ ᠠᠵᠢᠯᠯᠠᠭ᠎ᠠ ᠭᠠᠵᠠᠷ ᠣᠷᠣᠨ᠂ ᠴᠡᠴᠡᠷᠯᠢᠭ ᠪᠠ ᠰᠤᠳᠤᠯᠬᠤ ᠭᠠᠵᠠᠷ ᠤ᠋ᠨ ᠵᠠᠭᠠᠭ ᠬᠢᠵᠠᠭᠠᠷ᠎ᠢ ᠡᠪᠳᠡᠭᠰᠡᠨ ᠡᠴᠡ ᠡᠯ᠎ᠡ ᠣᠷᠣᠨ ᠪᠦᠰᠡ᠎ᠶᠢᠨ ᠣᠨᠴᠠᠯᠢᠭᠳᠤ ᠬᠢᠯᠠᠰ ᠴᠡᠭ᠎ᠢ ᠣᠯᠠᠨᠵᠢᠡᠷ ᠵᠢᠡᠨ ᠨᠡᠩ ᠭᠦᠨᠵᠡᠭᠡᠢ ᠣᠢᠯᠠᠭᠠᠬᠤ ᠪᠤᠯᠤᠭᠰᠠᠨ ᠁》 ᠣᠢᠷ᠎ᠠ᠎ᠳᠤ ᠪᠤᠯᠤᠭᠰᠠᠨ ᠣᠷᠳᠣᠰ ᠬᠤᠳᠠ᠎ᠶᠢᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠶᠡᠬᠡ ᠵᠢᠭᠠᠨ ᠰᠤᠷᠭᠠᠯᠲᠠ᠎ᠶᠢᠨ ᠰᠤᠳᠤᠯᠭᠠᠨ᠎ᠤ ᠲᠠᠯ᠎ᠠ᠎ᠪᠠᠷ᠂ ᠵᠡᠭᠦᠨᠭᠠᠷ ᠬᠣᠰᠢᠭᠤᠨ᠎ᠤ ᠱᠠᠬᠳᠠᠷ ᠳᠥᠷᠪᠡᠳᠦᠭᠡᠷ ᠬᠡᠦᠬᠡᠳ᠎ᠦᠨ ᠴᠡᠴᠡᠷᠯᠢᠭ᠎ᠦᠨ ᠵᠠᠬᠢᠷᠤᠯ ᠴᠧᠨ ᠰᠢᠶᠣᠣ ᠴᠢᠨ ᠣᠯᠣᠯᠲᠠ ᠲᠥᠷᠥᠭᠳᠡᠯ᠎ᠢᠶᠡᠨ ᠬᠤᠪᠢᠶᠠᠯᠴᠠᠵᠤ ᠪᠠᠢᠯ᠎ᠠ᠃ ᠥᠪᠡᠷᠲᠡᠭᠡᠨ ᠵᠠᠰᠠᠬᠤ ᠣᠷᠣᠨ ᠤ ᠲᠠᠰ᠎ᠤᠨ ᠪᠡᠶ᠎ᠡ᠎ᠪᠡᠨ ᠳᠠᠭᠠᠭᠠᠭᠰᠠᠨ ᠲᠣᠭᠯᠠᠭᠠᠮ ᠤᠨ ᠲᠤᠷᠰᠢᠯᠲᠠ ᠶᠢᠨ ᠴᠡᠴᠡᠷᠯᠢᠭ ᠤᠨ ᠵᠠᠬᠢᠷᠤᠯ ᠪᠣᠯᠤᠭᠰᠠᠨ᠎ᠤ ᠬᠤᠪᠢ᠎ᠳᠤ᠂ ᠪᠥᠬᠥ ᠬᠣᠲᠠ᠎ᠶᠢᠨ ᠶᠡᠬᠡ ᠵᠢᠭᠠᠨ ᠰᠤᠷᠭᠠᠯᠳᠠ᠎ᠶᠢᠨ ᠠᠵᠢᠯᠯᠠᠭ᠎ᠠ ᠨᠢ ᠲᠡᠭᠦᠨ᠎ᠳᠦ ᠲᠥᠪᠯᠡᠷᠡᠭᠦᠯᠦᠨ ᠳᠡᠯᠭᠡᠨ ᠦᠵᠡᠭᠦᠯᠬᠦ ᠪᠠ ᠭᠦᠨᠵᠡᠭᠡᠢ ᠰᠣᠯᠢᠯᠴᠠᠬᠤ ᠲᠠᠪᠴᠠᠩ ᠬᠠᠩᠭᠠᠭᠰᠠᠨ ᠪᠠᠢᠨ᠎ᠠ᠃
ᠨᠡᠯᠢᠶᠡᠳ ᠤᠷᠳᠤ ᠬᠤᠭᠤᠴᠠᠭᠠᠨ ᠳ᠋ᠤ ᠣᠷᠳᠣᠰ ᠬᠣᠲᠠ᠎ᠶᠢᠨ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠳᠦ ᠵᠢᠭᠠᠬᠤ ᠵᠢ ᠰᠤᠳᠤᠯᠬᠤ ᠠᠵᠢᠯ᠎ᠤᠨ ᠬᠥᠲᠥᠯᠥᠨ ᠳᠠᠭᠠᠭᠤᠯᠬᠤ ᠬᠦᠴᠦᠨ ᠪᠠᠭᠤᠷᠠᠢ᠂ ᠬᠢᠴᠢᠶᠡᠯ᠎ᠦᠨ ᠥᠭᠡᠷᠡᠴᠢᠯᠡᠯᠲᠡ᠎ᠶᠢ ᠨᠠᠢᠳᠠᠪᠤᠷᠢᠵᠢᠭᠤᠯᠬᠤ᠎ᠳᠤ ᠪᠡᠷᠬᠡ ᠵᠡᠷᠭᠡ ᠠᠰᠠᠭᠤᠳᠠᠯ ᠤᠷᠤᠰᠢᠭᠰᠠᠭᠠᠷ ᠢᠷᠡᠵᠡᠢ᠃ 2022 ᠣᠨ ᠠ᠋ᠴᠠ ᠨᠠᠭᠠᠰᠢ᠂ ᠲᠣᠰ ᠬᠣᠲᠠ ᠬᠣᠣᠰ ᠴᠢᠭᠯᠡᠯ᠎ᠦᠨ 《ᠳᠥᠷᠪᠡ᠎ᠶᠢ ᠨᠢᠭᠡ ᠴᠣᠭᠴᠠᠵᠢᠭᠤᠯᠬᠤ》 ᠵᠢᠭᠠᠬᠤ ᠵᠢ ᠰᠤᠳᠤᠯᠬᠤ ᠵᠠᠭᠪᠤᠷ ᠢ᠋ ᠠᠬᠢᠭᠤᠯᠵᠤ᠂ ᠬᠣᠲᠠ᠂ ᠬᠣᠰᠢᠭᠤ ᠲᠣᠭᠣᠷᠢᠭ᠋᠂ ᠴᠡᠴᠡᠷᠯᠢᠭ᠂ ᠠᠩᠭᠢ ᠵᠡᠷᠭᠡ ᠳᠥᠷᠪᠡᠨ ᠱᠠᠲᠤᠨ᠎ᠤ ᠵᠢᠭᠠᠨ ᠰᠤᠳᠤᠯᠬᠤ ᠰᠢᠰᠲᠧᠮ ᠢ᠋ ᠭᠤᠯᠳᠤ ᠴᠢᠭᠯᠡᠯ᠎ᠢᠶᠡᠷ ᠪᠠᠢᠭᠤᠯᠵᠤ᠂ ᠬᠣᠯᠪᠣᠭᠠᠲᠤ ᠴᠡᠴᠡᠷᠯᠢᠭ᠂ ᠲᠤᠷᠰᠢᠯᠲᠠ ᠶᠢᠨ ᠲᠣᠭᠣᠷᠢᠭ᠋᠂ ᠰᠤᠳᠤᠯᠭᠠᠨ᠎ᠤ ᠰᠡᠳᠦᠪ᠎ᠦᠨ ᠰᠤᠳᠤᠯᠭᠠᠨ᠂ ᠪᠠᠭ᠍ᠰᠢ᠎ᠶᠢᠨ ᠪᠣᠯᠪᠠᠰᠤᠷᠠᠯ ᠵᠡᠷᠭᠡ 4 ᠵᠢᠭᠠᠬᠤ ᠵᠢ ᠰᠤᠳᠤᠯᠬᠤ ᠬᠠᠮᠲᠤ᠎ᠶᠢᠨ ᠴᠣᠭᠴᠠ᠎ᠶᠢ ᠬᠥᠨᠳᠡᠯᠡᠨ ᠴᠢᠭᠯᠡᠯ᠎ᠢᠶᠡᠷ ᠪᠠᠢᠭᠤᠯᠪᠠ᠃
ᠬᠣᠲᠠ᠎ᠶᠢᠨ ᠱᠠᠲᠤᠨ᠎ᠤ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠤᠨ ᠵᠢᠯᠣᠭᠣᠳᠤᠯᠭ᠎ᠠ ᠳᠣᠣᠷ᠎ᠠ᠂ ᠡᠯ᠎ᠡ ᠬᠣᠰᠢᠭᠤ ᠲᠣᠭᠣᠷᠢᠭ᠋ ᠨᠢ ᠲᠣᠰ ᠭᠠᠵᠠᠷ ᠣᠷᠣᠨ᠎ᠤ᠎ᠪᠠᠨ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠭᠦᠢᠴᠡᠳ ᠠᠭᠤᠳᠠᠯᠵᠤ᠂ ᠲᠣᠬᠢᠷᠠᠮᠵᠢᠲᠠᠢ ᠵᠢᠭᠠᠬᠤ ᠵᠢ ᠰᠤᠳᠤᠯᠬᠤ ᠬᠠᠮᠢᠶᠠᠷᠤᠯᠲᠠ᠎ᠶᠢᠨ ᠲᠣᠭᠲᠠᠴᠠ ᠶᠢ ᠢᠳᠡᠪᠬᠢᠲᠡᠢ ᠪᠡᠷ ᠬᠠᠢᠨ ᠰᠦᠪᠡᠭᠴᠢᠯᠡᠵᠦ᠂ ᠣᠷᠣᠨ ᠪᠦᠰᠡ᠎ᠶᠢᠨ ᠬᠥᠭᠵᠢᠯᠲᠡ᠎ᠶᠢᠨ ᠣᠨᠴᠠᠯᠢᠭ᠋ᠵᠢᠡᠷ ᠵᠢᠭᠠᠬᠤ ᠵᠢ ᠰᠤᠳᠤᠯᠬᠤ ᠵᠢᠯᠤᠭᠣᠳᠬᠤ ᠲᠣᠣᠷ ᠰᠦᠯᠵᠢᠶ᠎ᠡ᠎ᠶᠢ ᠲᠥᠯᠥᠪᠵᠢᠭᠦᠯᠵᠦ᠂ ᠵᠢᠭᠠᠬᠤ ᠵᠢ ᠰᠤᠳᠤᠯᠬᠤ ᠬᠡᠯᠪᠡᠷᠢ᠎ᠶᠢ ᠪᠠᠶᠠᠯᠢᠭᠵᠢᠭᠤᠯᠤᠨ ᠰᠢᠨ᠎ᠡ᠎ᠶᠢ ᠡᠭᠦᠳᠴᠦ᠂ ᠣᠷᠣᠨ ᠪᠦᠰᠡ᠎ᠶᠢᠨ ᠪᠡᠶ᠎ᠡ᠎ᠪᠡᠨ ᠳᠠᠭᠠᠭᠠᠵᠤ ᠬᠥᠭᠵᠢᠬᠦ ᠶᠢ ᠠᠬᠢᠭᠤᠯᠪᠠ᠃ ᠵᠢᠭᠠᠬᠤ ᠵᠢ ᠰᠤᠳᠤᠯᠬᠤ ᠶᠠᠪᠤᠴᠠ᠎ᠳᠤ᠂ ᠪᠠᠭ᠍ᠰᠢ᠎ᠶᠢᠨ ᠪᠡᠶ᠎ᠡ᠎ᠪᠡᠨ ᠳᠠᠭᠠᠭᠠᠨ ᠣᠷᠣᠯᠴᠠᠬᠤ᠂ ᠰᠤᠳᠤᠯᠭᠠᠨ᠎ᠤ ᠭᠣᠣᠯ ᠰᠡᠳᠦᠪ ᠢᠶᠡᠨ ᠴᠢᠯᠦᠭᠡᠲᠡᠢ ᠰᠣᠩᠭᠣᠬᠤ᠎ᠶᠢ ᠵᠣᠷᠢᠭ᠍ᠵᠢᠭᠤᠯᠵᠤ᠂ ᠴᠡᠴᠡᠷᠯᠢᠭ᠎ᠦᠨ ᠬᠢᠴᠢᠶᠡᠯ᠎ᠵᠢᠡᠨ ᠠᠩᠭᠢ ᠪᠡᠷ ᠨᠢᠬᠡᠴᠢ ᠪᠤᠯᠭᠠᠨ ᠬᠡᠷᠡᠭᠵᠢᠭᠦᠯᠬᠦ ᠠᠷᠭ᠎ᠠ ᠪᠣᠳᠣᠯᠭ᠎ᠠ᠎ᠶᠢ ᠰᠦᠪᠡᠭᠴᠢᠯᠡᠨ ᠰᠤᠳᠤᠯᠵᠤ᠂ ᠥᠪᠡᠷ ᠢ ᠪᠡᠨ ᠦᠨᠡᠯᠡᠵᠦ ᠲᠤᠩᠭᠠᠨ ᠪᠣᠳᠣᠯᠬᠢᠯᠠᠬᠤ ᠴᠢᠳᠠᠪᠤᠷᠢ ᠵᠢ ᠨᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠳᠡᠭᠡᠳᠦ ᠳᠣᠣᠷᠠᠳᠤ ᠱᠠᠲᠤ᠎ᠶᠢ ᠬᠣᠯᠪᠣᠭᠰᠠᠨ ᠵᠢᠭᠠᠬᠤ ᠵᠢ ᠰᠤᠳᠤᠯᠬᠤ ᠲᠣᠣᠷ᠎ᠢ ᠪᠠᠶ᠋ᠢᠭᠤᠯᠬᠤ᠎ᠶᠢᠨ ᠬᠠᠮᠲᠤ ᠂ ᠣᠷᠳᠣᠰ ᠬᠤᠳᠠ᠎ᠶᠢᠨ ᠬᠢᠨ ᠣᠷᠣᠨ ᠪᠦᠰᠡ᠎ᠶᠢᠨ ᠬᠥᠭᠵᠢᠯᠲᠡ᠎ᠶᠢᠨ ᠬᠠᠮᠲᠤ᠎ᠶᠢᠨ ᠴᠣᠭᠴᠠ᠎ᠶᠢᠨ ᠵᠢᠭ᠍ᠰᠠᠭᠠᠯ᠎ᠢ ᠦᠷᠭᠦᠯᠵᠢᠯᠡᠨ ᠪᠠᠢᠭᠤᠯᠵᠤ᠂ ᠵᠢᠭᠠᠬᠤ ᠵᠢ ᠰᠤᠳᠤᠯᠬᠤ ᠬᠠᠮᠲᠤᠷᠠᠯᠴᠠᠭ᠎ᠠ᠎ᠶᠢ ᠴᠢᠩᠭᠠᠳᠬᠠᠵᠤ᠂ ᠡᠯ᠎ᠡ ᠱᠠᠲᠤᠨ᠎ᠤ ᠡᠯ᠎ᠡ ᠲᠦᠷᠦᠯ ᠦᠨ ᠬᠡᠦᠬᠡᠳ᠎ᠦᠨ ᠴᠡᠴᠡᠷᠯᠢᠭ᠎ᠦᠨ ᠵᠢᠭᠠᠬᠤ ᠵᠢ ᠰᠤᠳᠤᠯᠬᠤ ᠦᠷ᠎ᠡ ᠪᠦᠲᠦᠮᠵᠢ ᠪᠣᠯᠣᠨ ᠬᠠᠮᠢᠶᠠᠷᠤᠯᠲᠠ᠎ᠶᠢᠨ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠠᠬᠢᠭᠤᠯᠪᠠ᠃ 《ᠮᠠᠨ᠎ᠤ 4 ᠵᠢᠭᠠᠬᠤ ᠵᠢ ᠰᠤᠳᠤᠯᠤᠭ᠍ᠴᠢ ᠲᠣᠰ ᠲᠣᠰ 4 ᠬᠡᠰᠡᠭ ᠲᠣᠭᠣᠷᠢᠭ᠋ᠢ᠋ ᠬᠠᠷᠢᠭᠤᠴᠠᠵᠤ᠂ ᠨᠠᠷᠠᠲᠤ ᠪᠠᠭ᠍ᠰᠢ᠂ ᠭᠣᠣᠯᠯᠠᠭ᠍ᠴᠢ ᠬᠦᠴᠦᠨ᠎ᠢ ᠳᠠᠭᠠᠭᠤᠯᠤᠨ ᠵᠠᠯᠭᠠᠯᠳᠤᠭᠰᠠᠨ ᠵᠢᠭᠠᠬᠤ ᠵᠢ ᠰᠤᠳᠤᠯᠬᠤ ᠠᠵᠢᠯ ᠢ ᠬᠠᠮᠲᠤ᠎ᠪᠠᠷ ᠵᠣᠬᠢᠶᠠᠨ ᠪᠠᠢᠭᠤᠯᠤᠨ ᠥᠷᠨᠢᠭᠦᠯᠵᠦ᠂ ᠵᠢᠭᠠᠬᠤ ᠵᠢ ᠰᠤᠳᠤᠯᠬᠤ ᠰᠦᠯᠵᠢᠶ᠎ᠡ ᠶᠢ ᠪᠦᠬᠦᠨ᠎ᠢ ᠬᠠᠮᠤᠷᠬᠤ᠎ᠶᠢ ᠪᠡᠶᠡᠯᠡᠭᠦᠯᠪᠡ》 ᠬᠡᠵᠦ ᠳ᠋ᠦᠩᠱᠧᠩ ᠲᠣᠭᠣᠷᠢᠭ᠋᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠵᠢᠭᠠᠬᠤ ᠵᠢ ᠰᠤᠳᠤᠯᠤᠭ᠍ᠴᠢ ᠭᠦᠸᠧ ᠬᠣᠶ ᠳ᠋ᠦᠧᠸ ᠳᠠᠨᠢᠯᠴᠠᠭᠤᠯᠪᠠ᠃ ᠲᠣᠰ ᠲᠣᠭᠣᠷᠢᠭ᠋ ᠨᠢ ᠣᠷᠣᠨ ᠪᠦᠰᠡ᠎ᠶᠢᠨ ᠭᠣᠣᠯ ᠰᠡᠳᠦᠪᠲᠦ ᠵᠢᠭᠠᠬᠤ ᠵᠢ ᠰᠤᠳᠤᠯᠬᠤ ᠭᠠᠵᠠᠷ᠂ ᠬᠡᠰᠡᠭ ᠲᠣᠭᠣᠷᠢᠭ᠋ ᠤᠨ ᠠᠰᠠᠭᠤᠳᠠᠯ ᠤᠨ ᠵᠢᠭᠠᠬᠤ ᠵᠢ ᠰᠤᠳᠤᠯᠬᠤ᠂ ᠴᠡᠭ᠎ᠡᠴᠡ ᠴᠡᠭ ᠬᠦᠷᠬᠦ ᠴᠡᠴᠡᠷᠯᠢᠭᠰᠤᠳᠤᠯᠭᠠᠨ ᠤ ᠭᠠᠵᠠᠷ ᠤᠨ ᠤᠷᠢᠳᠴᠢᠯᠠᠨ ᠪᠣᠯᠵᠣᠬᠤ ᠮᠠᠶᠢᠭ᠋᠎ᠤᠨ ᠵᠢᠭᠠᠬᠤ ᠵᠢ ᠰᠤᠳᠤᠯᠬᠤ ᠪᠡᠷ ᠳᠠᠮᠵᠢᠭᠤᠯᠤᠨ᠂ ᠴᠡᠭ᠎ᠡᠴᠡ ᠪᠥᠬᠥ ᠲᠠᠯ᠎ᠠ ᠬᠦᠷᠲᠡᠯ᠎ᠡ᠂ ᠴᠡᠴᠡᠷᠯᠢᠭ᠎ᠦᠨ ᠬᠣᠭᠣᠷᠣᠨᠳᠣᠬᠢ ᠬᠠᠷᠢᠯᠴᠠᠨ ᠬᠠᠪᠰᠤᠷᠤᠯᠴᠠᠬᠤ᠂ ᠣᠷᠣᠨ ᠪᠦᠰᠡ ᠶᠢᠨ ᠬᠣᠯᠪᠣᠭ᠎ᠠ᠎ᠶᠢᠨ ᠬᠠᠮᠵᠢᠯᠴᠠᠨ ᠬᠥᠭᠵᠢᠬᠦ ᠲᠣᠭᠲᠠᠴᠠ᠎ᠶᠢ ᠪᠠᠢᠭᠤᠯᠵᠠᠢ᠃
《ᠳᠥᠷᠪᠡ᠎ᠶᠢ ᠨᠢᠭᠡ ᠴᠣᠭᠴᠠᠵᠢᠭᠤᠯᠬᠤ》 ᠵᠢᠭᠠᠬᠤ ᠵᠢ ᠰᠤᠳᠤᠯᠬᠤ ᠦᠢᠯᠡᠳᠦᠯᠭᠡ ᠨᠢ ᠣᠷᠳᠣᠰ ᠬᠤᠳᠠ᠎ᠶᠢᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠣᠳᠣᠬᠠᠨ᠎ᠳᠤ᠂ ᠡᠯ᠎ᠡ ᠴᠡᠴᠡᠷᠯᠢᠭ᠎ᠦᠨ ᠬᠣᠭᠣᠷᠣᠨᠳᠤ᠎ᠪᠠᠨ ᠨᠢᠭᠡᠨᠲᠡ ᠬᠤᠤᠰ ᠬᠤᠤᠰ᠎ᠢᠶᠠᠷ ᠬᠠᠪᠰᠤᠷᠤᠨ ᠲᠡᠳᠬᠦᠵᠦ᠂ ᠥᠪᠡᠷᠲᠡᠭᠡᠨ ᠵᠠᠰᠠᠬᠤ ᠣᠷᠣᠨ᠎ᠤ ᠵᠢᠱ᠌ᠢᠶ᠎ᠡ ᠦᠵᠡᠭᠦᠯᠬᠦ ᠴᠡᠴᠡᠷᠯᠢᠭ ᠲᠦᠷᠦᠭᠦᠯᠡᠨ ᠬᠣᠯᠪᠣᠭᠠᠲᠤ ᠴᠣᠭᠴᠠ ᠪᠠᠢᠭᠤᠯᠵᠤ᠂ ᠬᠣᠰᠢᠭᠤ ᠳᠤᠭᠤᠷᠢᠭ ᠤᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ ᠤᠨ ᠲᠣᠪᠴᠢᠶ᠎ᠠ ᠲᠦᠷᠦᠭᠦᠯᠡᠨ ᠰᠤᠷᠭᠠᠭᠤᠯᠢ ᠵᠢᠨ ᠨᠠᠰᠤᠨ ᠠ᠋ᠴᠠ ᠡᠮᠦᠨᠡᠬᠢ ᠰᠤᠷᠭᠠᠨ ᠬᠥᠮᠦᠵᠢᠯ᠎ᠦᠨ ᠪᠦᠯᠦᠭᠯᠡᠯ ᠦᠨ ᠭᠤᠷᠪᠠᠨ ᠲᠥᠷᠥᠯ ᠦᠨ ᠬᠣᠯᠪᠣᠭᠠᠲᠤ ᠴᠡᠴᠡᠷᠯᠢᠭ᠎ᠦᠨ ᠬᠥᠭᠵᠢᠯᠲᠡ᠎ᠶᠢᠨ ᠬᠠᠮᠲᠤ ᠶᠢᠨ ᠴᠣᠭᠴᠠ ᠶᠢ ᠪᠠᠢᠭᠤᠯᠵᠤ᠂ ᠬᠣᠰᠢᠭᠤ ᠲᠤᠭᠤᠷᠢᠭ᠎ᠤᠨ ᠬᠣᠭᠣᠷᠣᠨᠳᠤ᠎ᠪᠠᠨ ᠲᠤᠷᠰᠢᠯᠲᠠ᠎ᠶᠢᠨ ᠲᠦᠷᠦᠯ ᠵᠦᠢᠯ ᠦᠨ ᠰᠤᠳᠤᠯᠭᠠᠨ᠂ ᠰᠤᠳᠤᠯᠭᠠᠨ᠎ᠤ ᠰᠡᠳᠦᠪ ᠦᠨ ᠰᠤᠳᠤᠯᠭᠠᠨ᠂ ᠪᠠᠭ᠍ᠰᠢ ᠶᠢᠨ ᠰᠤᠳᠤᠯᠭᠠᠨ ᠪᠣᠯᠪᠠᠰᠤᠷᠠᠯ᠎ᠢ ᠣᠷᠭᠠᠨᠢᠭ᠋᠎ᠢᠶᠠᠷ ᠨᠢᠭᠡᠳᠬᠡᠭᠰᠡᠨ ᠬᠥᠭᠵᠢᠯᠲᠡ ᠶᠢᠨ ᠬᠠᠮᠲᠤ᠎ᠶᠢᠨ ᠴᠣᠭᠴᠠ᠎ᠶᠢ ᠪᠠᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃