ᠲᠡᠷᠢᠭᠦᠨ ᠨᠢᠭᠤᠷ>ᠰᠤᠷᠭᠠᠨ ᠬᠦᠮᠦᠵᠢᠯ >ᠨᠠᠬᠢᠶ᠎ᠠ

2025-05-26 11:51:26

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

2025 ᠣᠨ ᠤ᠋ ᠮᠠᠨ ᠤ᠋ ᠣᠷᠣᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠶ᠋ᠢᠨ ᠡᠬᠢᠯᠡᠯᠳᠡ ᠶ᠋ᠢᠨ ᠬᠤᠷᠠᠯ ᠣᠷᠳᠣᠰ ᠬᠤᠳᠠ ᠳ᠋ᠤ ᠶᠠᠪᠤᠭᠳᠠᠵᠠᠢ

2025 ᠣᠨ ᠤ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠶ᠋ᠢᠨ ᠡᠬᠢᠯᠡᠯᠲᠡ ᠶ᠋ᠢᠨ ᠬᠤᠷᠠᠯ 5 ᠰᠠᠷ᠎ᠠ ᠶ᠋ᠢᠨ 20 ᠤ᠋ ᠡᠳᠦᠷ ᠣᠷᠳᠣᠰ ᠬᠣᠲᠠ ᠳ᠋ᠤ ᠶᠠᠪᠤᠭᠳᠠᠵᠠᠢ᠃

ᠲᠣᠰ ᠤᠳᠠᠭᠠᠨ ᠤ᠋ ᠠᠵᠢᠯᠯᠠᠭ᠎ᠠ ᠨᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠬᠠᠤᠯᠢ》 ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠦ᠂ ᠡᠯ᠎ᠡ ᠠᠢᠮᠠᠭ ᠬᠣᠲᠠ ᠶ᠋ᠢᠨ ᠬᠣᠭᠣᠷᠣᠨᠳᠣᠬᠢ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭᠠᠳᠬᠠᠨ᠂ ᠮᠠᠨ ᠤ᠋ ᠤᠷᠤᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠦᠢᠯᠡᠰ ᠤ᠋ᠨ ᠰᠢᠨ᠎ᠡ ᠪᠠᠢᠳᠠᠯ ᠢ᠋ ᠡᠭᠦᠳᠬᠦ ᠪᠡᠷ ᠵᠣᠷᠢᠯᠭ᠎ᠠ ᠪᠡᠨ ᠪᠣᠯᠭᠠᠵᠠᠢ᠃ ᠳᠤᠮᠳᠠᠳᠤ ᠤᠯᠤᠰ ᠤ᠋ᠨ ᠰᠤᠷᠭᠠᠨ ᠬᠥᠮᠦᠵᠢᠯ ᠤ᠋ᠨ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠰᠤᠳᠤᠯᠤᠭ᠍ᠴᠢ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠵᠢᠭᠠᠨ ᠰᠤᠷᠭᠠᠯᠳᠠ ᠵᠢᠨ ᠵᠢᠯᠣᠭᠣᠳᠤᠭ᠍ᠴᠢ᠂ ᠡᠯ᠎ᠡ ᠠᠢᠮᠠᠭ ᠬᠣᠲᠠ ᠶ᠋ᠢᠨ ᠰᠤᠷᠭᠠᠨ ᠬᠥᠮᠦᠵᠢᠯ ᠤ᠋ᠨ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠵᠢᠴᠢ ᠨᠢᠭᠡᠳᠦᠭᠡᠷ ᠹᠷᠣᠨᠲ ᠤ᠋ᠨ ᠴᠡᠴᠡᠷᠯᠢᠭ ᠤ᠋ᠨ ᠵᠠᠬᠢᠷᠤᠯ᠂ ᠵᠢᠭᠠᠨ ᠰᠤᠳᠤᠯᠤᠭ᠍ᠴᠢ᠂ ᠪᠠᠭ᠍ᠰᠢ ᠶ᠋ᠢᠨ ᠲᠥᠯᠥᠭᠡᠯᠡᠭᠴᠢ ᠵᠡᠷᠭᠡ 200 ᠭᠠᠷᠤᠢ ᠬᠥᠮᠥᠨ ᠬᠤᠷᠠᠯ ᠳ᠋ᠤ ᠣᠷᠣᠯᠴᠠᠵᠠᠢ᠃

ᠬᠤᠷᠠᠯ ᠡᠴᠡ ᠪᠥᠬᠥ ᠣᠷᠣᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠬᠥᠭᠵᠢᠯᠲᠡ ᠶ᠋ᠢᠨ ᠣᠳᠣᠬᠢ ᠪᠠᠢᠳᠠᠯ ᠢ᠋ ᠶᠠᠷᠢᠯᠴᠠᠵᠤ᠂ ᠬᠣᠢᠰᠢᠳᠠ ᠶ᠋ᠢᠨ ᠠᠵᠢᠯ ᠢ᠋ ᠪᠥᠬᠥ ᠲᠠᠯ᠎ᠠ ᠪᠡᠷ ᠪᠠᠢᠷᠢᠯᠠᠭᠤᠯᠬᠤ ᠶ᠋ᠢᠨ ᠬᠠᠮᠲᠤ ᠲᠣᠰ ᠤᠳᠠᠭᠠᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠵᠢᠩᠬᠢᠨᠢ ᠪᠡᠷ ᠡᠬᠢᠯᠡᠭᠰᠡᠨ ᠢ᠋ ᠵᠠᠷᠯᠠᠪᠠ᠃ ᠲᠤᠷᠰᠢᠯᠭ᠎ᠠ ᠰᠣᠯᠢᠯᠴᠠᠬᠤ ᠭᠣᠭᠴᠣᠭ᠎ᠠ ᠳ᠋ᠤ᠂ ᠪᠥᠬᠥ ᠣᠷᠣᠨ ᠤ᠋ 12 ᠠᠢᠮᠠᠭ ᠬᠣᠲᠠ ᠶ᠋ᠢᠨ ᠵᠠᠰᠠᠭ ᠵᠠᠬᠢᠷᠭᠠᠨ ᠤ᠋ ᠺᠠᠳ᠋ᠷ ᠵᠢᠴᠢ ᠬᠡᠦᠬᠡᠳ ᠤ᠋ᠨ ᠴᠡᠴᠡᠷᠯᠢᠭ ᠤ᠋ᠨ ᠵᠠᠬᠢᠷᠤᠯ ᠤ᠋ᠨ ᠲᠥᠯᠥᠭᠡᠯᠡᠭᠴᠢ ᠦᠭᠡ ᠶᠠᠷᠢᠵᠦ᠂ ᠡᠯ᠎ᠡ ᠭᠠᠵᠠᠷ ᠤ᠋ᠨ ᠲᠤᠷᠰᠢᠯᠭ᠎ᠠ ᠪᠠ ᠦᠷ᠎ᠡ ᠪᠦᠲᠦᠭᠡᠯ ᠵᠢᠡᠨ ᠬᠤᠪᠢᠶᠠᠯᠴᠠᠵᠠᠢ᠃ ᠬᠤᠷᠠᠯ ᠳ᠋ᠤ ᠣᠷᠣᠯᠴᠠᠭᠰᠠᠳ ᠪᠠᠰᠠ《ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ᠂ ᠰᠤᠷᠭᠠᠨ ᠬᠥᠮᠦᠵᠢᠯ ᠶ᠋ᠢᠡᠷ ᠣᠷᠣᠨ ᠶ᠋ᠢᠡᠨ ᠬᠦᠴᠦᠷᠬᠡᠭᠵᠢᠭᠦᠯᠬᠦ ᠪᠡᠷ ᠴᠢᠷᠮᠠᠢᠬᠤ》 ᠬᠡᠬᠦ ᠭᠣᠣᠯ ᠰᠡᠳᠦᠪ ᠤ᠋ᠨ ᠲᠣᠭᠣᠷᠢᠨ ᠳ᠋ᠤ ᠳᠤᠭᠤᠢᠯᠠᠩ ᠬᠤᠪᠢᠶᠠᠨ ᠰᠤᠳᠤᠯᠤᠨ ᠶᠠᠷᠢᠯᠴᠠᠵᠠᠢ᠃ ᠡᠭᠦᠨ ᠤ᠋ ᠬᠠᠮᠳᠤ᠂ ᠬᠤᠷᠠᠯ ᠳ᠋ᠤ ᠣᠷᠣᠯᠴᠠᠭᠰᠠᠳ ᠬᠢᠶ᠎ᠠ ᠪᠠᠭ᠍ᠰᠢ ᠲᠣᠭᠣᠷᠢᠭ᠋᠂ ᠳ᠋ᠦᠩᠱᠧᠩ ᠲᠣᠭᠣᠷᠢᠭ᠋᠂ ᠡᠵᠡᠨ ᠬᠣᠷᠣᠭ᠎ᠠ ᠬᠣᠰᠢᠭᠤᠨ ᠤ᠋ 6 ᠬᠡᠦᠬᠡᠳ ᠤ᠋ᠨ ᠴᠡᠴᠡᠷᠯᠢᠭ ᠢ᠋ ᠲᠣᠭᠣᠷᠢᠨ ᠦᠵᠡᠵᠦ᠂ ᠴᠡᠴᠡᠷᠯᠢᠭ ᠤ᠋ᠨ ᠪᠠᠭ᠍ᠰᠢ ᠪᠣᠯᠣᠨ ᠬᠠᠮᠢᠶᠠᠷᠤᠯᠲᠠ ᠶ᠋ᠢᠨ ᠠᠵᠢᠯᠲᠠᠨ ᠲᠠᠢ ᠰᠠᠨᠠᠯ ᠶ᠋ᠢᠡᠨ ᠰᠣᠯᠢᠯᠴᠠᠪᠠ᠃

ᠲᠣᠰ ᠤᠳᠠᠭᠠᠨ ᠤ᠋ ᠪᠥᠬᠥ ᠣᠷᠣᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠤᠬᠠᠭᠤᠯᠭ᠎ᠠ ᠶ᠋ᠢᠨ ᠰᠠᠷ᠎ᠠ ᠶ᠋ᠢᠨ ᠠᠵᠢᠯᠯᠠᠭ᠎ᠠ ᠶ᠋ᠢᠨ ᠡᠬᠢᠯᠡᠯᠲᠡ ᠶ᠋ᠢᠨ ᠬᠤᠷᠠᠯ ᠠᠮᠵᠢᠯᠲᠠ ᠲᠠᠢ ᠶᠠᠪᠤᠭᠳᠠᠭᠰᠠᠨ ᠨᠢ ᠡᠯ᠎ᠡ ᠠᠢᠮᠠᠭ ᠬᠣᠲᠠ ᠶ᠋ᠢᠨ ᠬᠣᠭᠣᠷᠣᠨᠳᠣᠬᠢ ᠬᠠᠮᠲᠤᠷᠠᠯᠴᠠᠭ᠎ᠠ ᠵᠢ ᠨᠢᠭ᠍ᠲᠠᠷᠠᠭᠤᠯᠵᠤ᠂ ᠲᠡᠷᠢᠭᠦᠨ ᠤ᠋ ᠰᠤᠷᠭᠠᠨ ᠬᠥᠮᠦᠵᠢᠯ ᠤ᠋ᠨ ᠣᠢᠯᠠᠭᠠᠭᠳᠠᠬᠤᠨ ᠢ᠋ ᠤᠯᠠᠮᠵᠢᠯᠠᠬᠤ ᠪᠠ ᠦᠢᠯᠡᠳᠦᠯᠭᠡᠵᠢᠭᠦᠯᠬᠦ ᠵᠢ ᠠᠬᠢᠭᠤᠯᠤᠨ᠂ ᠪᠥᠬᠥ ᠣᠷᠣᠨ ᠤ᠋ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠤ ᠰᠢᠨ᠎ᠡ ᠬᠥᠳᠡᠯᠭᠡᠬᠦ ᠬᠦᠴᠦᠨ ᠣᠯᠭᠣᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面