2026-10-28 10:47:28
ᠤᠢᠷ᠎ᠠ ᠳ᠋ᠤ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠪᠠᠢᠭᠤᠯᠤᠭᠳᠠᠭᠰᠠᠨ 70 ᠵᠢᠯ ᠤ᠋ᠨ ᠣᠢ ᠵᠢᠨ ᠴᠢᠨᠠᠷ ᠰᠠᠢᠲᠠᠢ ᠬᠥᠭᠵᠢᠯᠲᠡ ᠵᠢᠨ ᠬᠤᠷᠠᠯ ᠬᠤᠷᠠᠯᠳᠤᠵᠤ᠂ ᠰᠤᠷᠭᠠᠭᠤᠯᠢ ᠡᠷᠬᠢᠯᠡᠭᠰᠡᠨ 70 ᠵᠢᠯ ᠳᠤᠷᠰᠢᠬᠢ ᠥᠩᠭᠡᠷᠡᠯᠲᠡ ᠬᠦᠭᠵᠢᠯᠳᠡ ᠵᠢ ᠡᠷᠭᠢᠴᠡᠭᠦᠯᠦᠨ᠂ ᠴᠢᠨᠠᠷ ᠰᠠᠢᠲᠠᠢ ᠬᠥᠭᠵᠢᠯᠲᠡ ᠵᠢᠨ ᠬᠠᠷᠠᠯᠳᠠ ᠵᠢ ᠵᠢᠷᠤᠭᠯᠠᠪᠠ᠃ ᠳᠤᠰ ᠰᠤᠷᠭᠠᠭᠤᠯᠢ 《 ᠤᠶᠤᠳᠠᠨ — ᠮᠠᠰᠲ᠋ᠧᠷ — ᠳ᠋ᠤᠺᠲ᠋ᠤᠷ 》 ᠤ᠋ᠨ ᠠᠨᠠᠭᠠᠬᠤ ᠤᠬᠠᠭᠠᠨ ᠤ᠋ ᠴᠢᠳᠠᠪᠤᠷᠢᠲᠠᠨ ᠬᠥᠮᠦᠵᠢᠭᠦᠯᠬᠦ ᠪᠦᠷᠢᠨ ᠪᠦᠲᠦᠨ ᠰᠢᠰᠲ᠋ᠧᠮ ᠢ᠋ ᠪᠠᠢᠭᠤᠯᠵᠤ᠂ ᠡᠯ᠎ᠡ ᠲᠥᠷᠥᠯ ᠤ᠋ᠨ ᠦᠢᠯᠡᠳᠦᠯᠭᠡ ᠵᠢᠭᠠᠨ ᠰᠤᠷᠭᠠᠯᠳᠠ ᠵᠢᠨ ᠰᠠᠭᠤᠷᠢᠨ ᠢ᠋ ᠨᠡᠢᠲᠡ 107 ᠪᠠᠢᠭᠤᠯᠵᠤ᠂ ᠡᠯ᠎ᠡ ᠱᠠᠲᠤᠨ ᠤ᠋ ᠡᠯ᠎ᠡ ᠲᠥᠷᠥᠯ ᠤ᠋ᠨ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠲᠤᠰᠬᠠᠢ ᠮᠡᠷᠭᠡᠵᠢᠯ ᠤ᠋ᠨ ᠴᠢᠳᠠᠪᠤᠷᠢᠲᠠᠨ ᠢ᠋ ᠨᠡᠢᠲᠡ 12 ᠲᠦᠮᠡ ᠭᠠᠷᠤᠢ ᠬᠥᠮᠦᠵᠢᠭᠦᠯᠪᠡ᠃
1956 ᠣᠨ ᠳ᠋ᠤ᠌ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠳᠡᠭᠡᠳᠦ ᠰᠤᠷᠭᠠᠭᠤᠯᠢ ᠪᠠᠢᠭᠤᠯᠤᠭᠳᠠᠨ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠳᠡᠭᠡᠳᠦ ᠵᠡᠷᠭᠡ ᠵᠢᠨ ᠰᠤᠷᠭᠠᠨ ᠬᠦᠮᠦᠵᠢᠯ ᠤ᠋ᠨ ᠴᠤ ᠰᠢᠨ᠎ᠡ ᠬᠠᠭᠤᠳᠠᠰᠤ ᠵᠢ ᠨᠡᠭᠡᠭᠡᠭᠰᠡᠨ ᠪᠠᠢᠨ᠎ᠠ᠃ 70 ᠵᠢᠯ ᠤ᠋ᠨ ᠬᠦᠭᠵᠢᠯᠳᠡ ᠪᠡᠷ ᠳᠠᠮᠵᠢᠨ ᠳᠤᠰ ᠰᠤᠷᠭᠠᠭᠤᠯᠢ ᠨᠢ ᠠᠨᠠᠭᠠᠬᠤ ᠤᠬᠠᠭᠠᠨ ᠵᠢᠠᠷ ᠭᠣᠣᠯ ᠪᠣᠯᠭᠠᠭᠰᠠᠨ᠂ ᠣᠯᠠᠨ ᠬᠢᠴᠢᠶᠡᠯ ᠲᠦᠷᠦᠯ ᠢ᠋ ᠵᠣᠬᠢᠴᠠᠩᠭᠤᠢ ᠪᠠᠷ ᠬᠥᠭᠵᠢᠭᠦᠯᠦᠭᠰᠡᠨ᠂ ᠢᠯᠡ ᠲᠣᠳᠣ ᠣᠨᠴᠠᠯᠢᠭ ᠲᠠᠢ ᠳᠡᠭᠡᠳᠦ ᠵᠡᠷᠭᠡ ᠵᠢᠨ ᠠᠨᠠᠭᠠᠬᠤ ᠤᠬᠠᠭᠠᠨ ᠤ᠋ ᠳᠡᠭᠡᠳᠦ ᠰᠤᠷᠭᠠᠭᠤᠯᠢ ᠵᠢ ᠪᠦᠳᠦᠭᠡᠨ ᠪᠠᠢᠭᠤᠯᠵᠤ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠴᠢᠳᠠᠪᠤᠷᠢᠲᠠᠨ ᠢ᠋ ᠬᠥᠮᠦᠵᠢᠭᠦᠯᠬᠦ ᠂ ᠡᠷᠳᠡᠮ ᠰᠢᠨᠵᠢᠯᠡᠭᠡᠨ ᠤ᠋ ᠰᠤᠳᠤᠯᠭᠠᠨ ᠬᠢᠬᠦ ᠪᠠ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠴᠢᠬᠤᠯᠠ ᠰᠠᠭᠤᠷᠢᠨ ᠪᠣᠯᠪᠠ᠃
ᠣᠢᠯᠠᠭᠠᠭᠰᠠᠨ ᠵᠢᠠᠷ᠂ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠵᠢᠨ ᠡᠮᠴᠢᠯᠡᠭᠡᠨ ᠤ᠋ ᠠᠨᠠᠭᠠᠬᠤ ᠤᠬᠠᠭᠠᠨ ᠤ᠋ ᠬᠢᠴᠢᠶᠡᠯ ᠲᠥᠷᠥᠯ ᠨᠢ ESI ᠵᠢᠨ ᠪᠦᠬᠦ ᠪᠥᠮᠪᠥᠷᠴᠡᠭ ᠤ᠋ᠨ ᠨᠡᠷᠡᠰ ᠤ᠋ᠨ ᠵᠢᠭᠰᠠᠭᠠᠯᠲᠠ ᠵᠢᠨ ᠡᠮᠦᠨ᠎ᠡ 3 ‰ ᠳ᠋ᠤ᠌ ᠵᠢᠬᠰᠠᠵᠤ᠂ ᠡᠮ ᠤ᠋ᠨ ᠵᠦᠢ ᠵᠢᠨ ᠰᠤᠳᠤᠯᠤᠯ ᠪᠠ ᠬᠣᠣᠷ ᠵᠦᠢ ᠵᠢᠨ ᠤᠬᠠᠭᠠᠨ ᠤ᠋ ᠬᠢᠴᠢᠶᠡᠯ ᠲᠥᠷᠥᠯ ᠨᠢ ESI ᠵᠢᠨ ᠪᠦᠬᠦ ᠪᠥᠮᠪᠥᠷᠴᠡᠭ ᠤ᠋ᠨ ᠨᠡᠷᠡᠰ ᠤ᠋ᠨ ᠵᠢᠭᠰᠠᠭᠠᠯᠲᠠ ᠵᠢᠨ ᠡᠮᠦᠨ᠎ᠡ 1% ᠳ᠋ᠦ᠍ ᠲᠤᠳᠤᠷᠠᠪᠠ;ᠬᠢᠲᠠᠳ ᠠᠨᠠᠭᠠᠬᠤ ᠤᠬᠠᠭᠠᠨ ( ᠮᠣᠩᠭᠣᠯ ᠠᠨᠠᠭᠠᠬᠤ ᠤᠬᠠᠭᠠᠨ) ᠤ᠋ ᠬᠢᠴᠢᠶᠡᠯ ᠲᠦᠷᠦᠯ ᠨᠢ ᠨᠢᠭᠡᠳᠦᠭᠡᠷ ᠳᠡᠰ ᠤ᠋ᠨ ᠬᠢᠴᠢᠶᠡᠯ ᠲᠦᠷᠦᠯ ᠤ᠋ᠨ ᠳ᠋ᠣᠺᠲ᠋ᠣᠷ ᠤ᠋ᠨ ᠡᠷᠳᠡᠮ ᠤ᠋ᠨ ᠴᠣᠯᠠ ᠣᠯᠭᠣᠬᠤ ᠴᠡᠭ ᠂ ᠫᠤᠰᠲ ᠳ᠋ᠣᠺᠲ᠋ᠣᠷ ᠤ᠋ᠨ ᠡᠷᠳᠡᠮ ᠰᠢᠨᠵᠢᠯᠡᠭᠡᠨ ᠤ᠋ ᠠᠵᠢᠯᠯᠠᠬᠤ ᠥᠷᠲᠡᠭᠡ ᠪᠠᠢᠭᠤᠯᠬᠤ ᠵᠢ ᠪᠡᠶᠡᠯᠡᠭᠦᠯᠪᠡ;ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠷᠢᠭᠦᠨ ᠵᠡᠷᠭᠡ ᠵᠢᠨ ᠬᠢᠴᠢᠶᠡᠯ ᠲᠦᠷᠦᠯ ᠤ᠋ᠨ ᠰᠢᠰᠲ᠋ᠧᠮ ᠢ᠋ ᠪᠠᠢᠭᠤᠯᠵᠤ ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠮ ᠡᠮᠨᠡᠯᠭᠡ ᠡᠷᠡᠭᠦᠯ ᠬᠠᠮᠠᠭᠠᠯᠠᠯ ᠤ᠋ᠨ 19 ᠲᠡᠷᠢᠭᠦᠨ ᠤ᠋ ᠬᠢᠴᠢᠶᠡᠯ ᠲᠦᠷᠦᠯ᠂ 30 ᠭᠣᠣᠯᠳᠠᠯᠭ᠎ᠠ ᠲᠠᠢ ᠬᠢᠴᠢᠶᠡᠯ ᠲᠦᠷᠦᠯ ᠢ᠋ ᠪᠠᠢᠭᠤᠯᠪᠠ᠃
ᠳᠤᠰ ᠰᠤᠷᠭᠠᠭᠤᠯᠢ 《ᠰᠤᠷᠭᠠᠭᠤᠯᠢ — ᠡᠮᠨᠡᠯᠭᠡ ᠵᠢᠨ ᠬᠣᠷᠢᠶ᠎ᠠ ᠵᠢ ᠨᠢᠭᠡ ᠴᠣᠭᠴᠠᠵᠢᠭᠤᠯᠬᠤ》 ᠬᠥᠭᠵᠢᠯᠲᠡ ᠵᠢᠨ ᠪᠠᠢᠷᠢᠰᠢᠯ ᠢ᠋ ᠴᠣᠭᠴᠠᠯᠠᠨ ᠪᠠᠢᠭᠤᠯᠵᠤ᠂ ᠬᠠᠷᠢᠶ᠎ᠠ ᠭᠤᠷᠪᠠᠨ ᠡᠮᠨᠡᠯᠭᠡ ᠵᠢᠨ ᠬᠣᠷᠢᠶ᠎ᠠ ᠨᠢ ᠤᠯᠤᠰ ᠤ᠋ᠨ ᠳᠡᠰ ᠤ᠋ᠨ ᠫᠤᠰᠲ ᠳ᠋ᠤᠺᠲ᠋ᠤᠷ ᠤ᠋ᠨ ᠰᠢᠨᠵᠢᠯᠡᠭᠦ ᠤᠬᠠᠭᠠᠨ ᠤ᠋ ᠠᠵᠢᠯᠯᠠᠬᠤ ᠥᠷᠲᠡᠭᠡ ᠵᠢ ᠪᠠᠢᠭᠤᠯᠵᠤ᠂ ᠡᠮᠴᠢᠯᠡᠭᠡ ᠵᠢᠭᠠᠨ ᠰᠤᠷᠭᠠᠯᠲᠠ ᠰᠤᠳᠤᠯᠭᠠᠨ ᠤ᠋ ᠭᠦᠨ ᠠᠭᠤᠰᠤᠯᠴᠠᠯ ᠢ᠋ ᠠᠬᠢᠭᠤᠯᠪᠠ᠃ ᠤᠷᠢᠳ ᠬᠣᠵᠢᠳ《ᠨᠢᠭᠡ ᠪᠦᠰᠡ ᠨᠢᠭᠡ ᠵᠠᠮ》 ᠤ᠋ᠨ ᠣᠯᠠᠨ ᠤᠯᠤᠰ ᠤ᠋ᠨ ᠠᠨᠠᠭᠠᠬᠤ ᠤᠬᠠᠭᠠᠨ ᠤ᠋ ᠰᠤᠷᠭᠠᠨ ᠬᠥᠮᠦᠵᠢᠯ ᠤ᠋ᠨ ᠬᠣᠯᠪᠣᠭ᠎ᠠ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠤ᠋ᠨ ᠶᠡᠭᠡ ᠳᠡᠭᠡᠳᠦ ᠰᠤᠷᠭᠠᠭᠤᠯᠢ ᠵᠢᠨ ᠬᠣᠯᠪᠣᠭ᠎ᠠ ᠵᠢᠴᠢ ᠠᠨᠠᠭᠠᠬᠤ ᠤᠬᠠᠭᠠᠨ ᠤ᠋ ᠶᠡᠭᠡ ᠳᠡᠭᠡᠳᠦ ᠰᠤᠷᠭᠠᠭᠤᠯᠢ ᠵᠢᠨ ᠬᠣᠯᠪᠣᠭ᠎ᠠ ᠵᠡᠷᠭᠡ ᠤᠯᠤᠰ ᠤ᠋ᠨ ᠳᠣᠲᠣᠭᠠᠳᠤ ᠭᠠᠳᠠᠭᠠᠳᠤ ᠵᠢᠨ 22 ᠵᠣᠬᠢᠶᠠᠨ ᠪᠠᠢᠭᠤᠯᠤᠯᠲᠠ ᠳ᠋ᠤ᠌ ᠣᠷᠣᠯᠴᠠᠵᠤ᠂ ᠮᠣᠩᠭᠣᠯ ᠤᠯᠤᠰ᠂ ᠣᠷᠣᠰ ᠵᠡᠷᠭᠡ 13 ᠤᠯᠤᠰ ᠤ᠋ᠨ 19 ᠶᠡᠬᠡ ᠳᠡᠭᠡᠳᠦ ᠰᠤᠷᠭᠠᠭᠤᠯᠢ ᠵᠢᠴᠢ ᠪᠠᠢᠭᠤᠯᠤᠮᠵᠢ ᠯᠤᠭ᠎ᠠ ᠬᠢᠴᠢᠶᠡᠯ ᠲᠦᠷᠦᠯ ᠢ᠋ ᠬᠠᠮᠲᠤ ᠪᠠᠷ ᠪᠠᠢᠭᠤᠯᠬᠤ᠂ ᠡᠷᠳᠡᠮ ᠰᠢᠨᠵᠢᠯᠡᠭᠡᠨ ᠤ᠋ ᠲᠠᠪᠴᠠᠩ ᠪᠠᠢᠭᠤᠯᠬᠤ᠂ ᠴᠢᠳᠠᠪᠤᠷᠢᠲᠠᠨ ᠤ᠋ ᠰᠣᠯᠢᠯᠴᠠᠭ᠎ᠠ ᠬᠢᠬᠦ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠭᠠᠳᠠᠭᠠᠳᠤ ᠳ᠋ᠡᠬᠢ ᠨᠥᠯᠥᠭᠡᠯᠡᠬᠦ ᠬᠦᠴᠦᠨ᠂ ᠨᠡᠢᠭᠡᠮ ᠤ᠋ᠨ ᠦᠢᠯᠡᠴᠢᠯᠡᠭᠡᠨ ᠤ᠋ ᠨᠥᠯᠥᠭᠡᠯᠡᠬᠦ ᠬᠦᠴᠦᠨᠵᠢᠡᠨ ᠲᠠᠰᠤᠷᠠᠯᠳᠠ ᠦᠭᠡᠢ ᠲᠡᠭᠡᠭᠰᠢᠯᠡᠬᠦᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃