ᠲᠡᠷᠢᠭᠦᠨ ᠨᠢᠭᠤᠷ>ᠰᠤᠷᠭᠠᠨ ᠬᠦᠮᠦᠵᠢᠯ >ᠰᠤᠷᠭᠠᠭᠤᠯᠢ

2026-10-29 11:14:55

ᠵᠣᠬᠢᠶᠠᠭ᠍ᠴᠢ᠄ ​ᠨᠠᠪᠴᠢ ᠣᠩᠱᠢᠭ᠍ᠰᠠᠨ ᠣᠳᠠᠭ᠎ᠠ᠄ 3

 ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠠᠴᠠ ᠭᠣᠣᠯᠯᠠᠨ ᠡᠷᠭᠢᠯᠡᠭᠰᠡᠨ ᠪᠥᠬᠥ ᠤᠯᠤᠰ᠎ᠤᠨ ᠣᠷᠣᠨ ᠨᠤᠲᠤᠭ᠎ᠤᠨ ᠪᠠᠭ᠍ᠰᠢ᠎ᠶᠢᠨ ᠶᠡᠬᠡ ᠳᠡᠭᠡᠳᠦ ᠰᠤᠷᠭᠠᠭᠤᠯᠢ ᠬᠢᠭᠡᠳ ᠦᠨᠳᠦᠰᠦᠲᠡᠨ᠎ᠦ ᠶᠡᠬᠡ ᠳᠡᠭᠡᠳᠦ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠥᠮᠦᠵᠢᠯ ᠦᠢᠯᠡᠳᠦᠯᠭᠡ᠎ᠶᠢᠨ ᠬᠣᠯᠪᠣᠭ᠎ᠠ᠎ᠶᠢᠨ 2026 ᠣᠨ᠎ᠤ ᠣᠨ᠎ᠤ ᠬᠤᠷᠠᠯ 10 ᠰᠠᠷ᠎ᠠ ᠵᠢᠨ 23᠎ᠤ᠋ ᠡᠳᠦᠷ ᠬᠥᠬᠡᠬᠣᠲᠠ᠎ᠳᠤ ᠡᠬᠢᠯᠡᠪᠡ᠃

《ᠡᠷᠳᠡᠨᠢᠳᠤ ᠦᠪ ᠢ᠋ ᠤᠯᠠᠮᠵᠢᠯᠠᠨ ᠵᠠᠯᠭᠠᠮᠵᠢᠯᠠᠵᠤ ᠰᠢᠨ᠎ᠡ ᠮᠡᠷᠬᠡᠵᠢᠯ ᠵᠢᠡᠷ ᠢᠷᠡᠭᠡᠳᠦᠢ ᠪᠠᠨ ᠴᠤᠭᠴᠠᠯᠠᠨᠠᠮ》 ᠭᠡᠬᠦ ᠭᠣᠣᠯ ᠰᠡᠳᠦᠪᠳᠤ ᠤᠨ ᠤ᠋ ᠬᠤᠷᠠᠯ ᠬᠤᠷᠠᠯᠳᠤᠬᠤ ᠳᠠᠰᠢᠷᠠᠮ ᠵᠢᠡᠷ ᠪᠦᠬᠦ ᠤᠯᠤᠰ᠎ᠤᠨ 17 ᠮᠤᠵᠢ ᠤᠷᠤᠨ ᠤ᠋ 34  ᠪᠠᠭᠰᠢ ᠵᠢᠨ ᠶᠡᠬᠡ ᠳᠡᠬᠡᠳᠤ ᠰᠤᠷᠭᠠᠭᠤᠯᠢ ᠬᠢᠬᠡᠳ ᠦᠨᠳᠦᠰᠦᠳᠡᠨ ᠤ᠋ ᠶᠡᠬᠡ ᠳᠡᠬᠡᠳᠤ ᠰᠤᠷᠭᠠᠭᠤᠯᠢ ᠵᠢᠨ ᠲᠥᠯᠥᠭᠡᠯᠡᠭᠴᠢ ᠵᠢᠴᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠤᠰᠬᠠᠢ ᠮᠡᠷᠭᠡᠵᠢᠯᠲᠡᠨ ᠡᠷᠳᠡᠮᠲᠡᠨ ᠬᠥᠬᠡᠬᠣᠲᠠ᠎ᠳᠤ ᠴᠤᠭᠯᠠᠷᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ᠋  ᠰᠢᠰᠲ᠋ᠧᠮᠳᠤ ᠴᠢᠨᠠᠷᠲᠠᠢ ᠬᠠᠮᠠᠭᠠᠯᠠᠬᠤ ᠪᠠ ᠬᠥᠮᠥᠨ ᠢ᠋ ᠬᠥᠮᠥᠵᠢᠭᠦᠯᠬᠦ ᠰᠢᠰᠲ᠋ᠧᠮ᠎ᠢ ᠨᠡᠪᠲᠡᠷᠡᠭᠦᠯᠬᠦ᠂ ᠪᠣᠳᠠᠰ᠎ᠤᠨ ᠪᠤᠰᠤ ᠰᠣᠶᠣᠯ᠎ᠤᠨ ᠥᠪ᠎ᠢ᠋ ᠳᠤᠭᠠᠴᠢᠯᠠᠨ ᠤᠶᠤᠨᠴᠢᠯᠠᠨ ᠬᠠᠮᠠᠭᠠᠯᠠᠬᠤ ᠪᠠ ᠰᠢᠨ᠎ᠡ᠎ᠶᠢ ᠡᠬᠦᠳᠦᠨ ᠤᠨᠳᠤᠤᠰᠢᠭᠤᠯᠬᠤ ᠦᠢᠯᠡᠳᠦᠯᠭᠡ᠂ ᠪᠣᠳᠠᠰ᠎ᠤᠨ ᠪᠤᠰᠤ ᠰᠣᠶᠣᠯ᠎ᠤᠨ ᠥᠪ ᠤ᠋ᠨ ᠳᠤᠬᠠᠢ ᠬᠠᠮᠵᠢᠯᠴᠠᠨ ᠪᠠᠶ᠋ᠢᠭᠤᠯᠬᠤ ᠪᠠ ᠤᠯᠠᠮᠵᠢᠯᠠᠨ ᠳᠡᠯᠬᠡᠷᠡᠬᠦᠯᠬᠦ ᠦᠢᠯᠡᠴᠢᠯᠡᠭᠡ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠶᠡᠬᠡ ᠳᠡᠭᠡᠳᠦ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠷᠭᠠᠨ ᠬᠥᠮᠦᠵᠢᠯ᠎ᠦᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠬᠠᠮᠲᠤ ᠪᠠᠷ ᠰᠦᠪᠡᠭᠴᠢᠯᠡᠪᠡ᠃

ᠣᠨ᠎ᠤ ᠬᠤᠷᠠᠯ᠎ᠳᠤ ᠭᠣᠣᠯ ᠵᠣᠷᠢᠯᠲᠠᠳᠤ ᠮᠡᠳᠡᠭᠦᠯᠦᠯᠲᠡ᠂ ᠭᠤᠷᠪᠠᠨ ᠲᠤᠰᠬᠠᠢ ᠰᠡᠳᠦᠪᠲᠦ ᠬᠤᠪᠢᠶᠠᠷᠢ ᠶᠠᠷᠢᠶᠠᠨ᠎ᠤ ᠲᠠᠪᠴᠠᠩ ᠪᠣᠯᠣᠨ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠵᠦ ᠪᠠᠢᠴᠠᠭᠠᠨ ᠰᠤᠳᠤᠯᠤᠯᠲᠠ ᠬᠢᠬᠦ ᠵᠡᠷᠭᠡ ᠭᠣᠭᠴᠣᠭ᠎ᠠ ᠲᠣᠬᠢᠷᠠᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠲᠠᠪᠴᠠᠩ᠎ᠢ ᠪᠠᠢᠭᠤᠯᠵᠤ᠂ ᠦᠵᠡᠯᠳᠡ ᠲᠠᠨᠢᠯᠳᠠ᠎ᠪᠠᠨ ᠰᠣᠯᠢᠯᠴᠠᠵᠤ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠠᠢ᠃ ᠬᠤᠷᠠᠯ ᠳ᠋ᠤ ᠤᠷᠤᠯᠴᠠᠭᠰᠠᠳ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠷᠭᠠᠨ ᠬᠥᠮᠦᠵᠢᠯ᠎ᠢ ᠬᠢᠴᠢᠶᠡᠯ ᠤ᠋ᠨ ᠲᠠᠩᠬᠢᠮ ᠳ᠋ᠤ ᠤᠷᠤᠭᠤᠯᠬᠤ ᠲᠤᠰᠬᠠᠢ ᠮᠡᠷᠭᠡᠵᠢᠯ᠎ᠳᠦ ᠣᠷᠣᠭᠤᠯᠬᠤ᠂ ᠲᠣᠭᠠᠴᠢᠯᠠᠭᠰᠠᠨ ᠮᠡᠷᠭᠡᠵᠢᠯ᠎ᠵᠢᠡᠷ ᠴᠢᠳᠠᠪᠤᠷᠢ ᠣᠯᠭᠣᠨ ᠪᠣᠳᠠᠰ᠎ᠤᠨ ᠪᠤᠰᠤ ᠰᠣᠶᠣᠯ᠎ᠤᠨ ᠥᠪ᠎ᠢ᠋ ᠲᠡᠮᠳᠡᠭᠯᠡᠨ ᠤᠯᠠᠮᠵᠢᠯᠠᠬᠤ ᠪᠠ ᠪᠦᠲᠦᠭᠡᠯᠴᠢ ᠴᠢᠨᠠᠷᠲᠠᠢ᠎ᠪᠠᠷ ᠤᠨᠳᠤᠤᠰᠢᠭᠤᠯᠬᠤ᠂ ᠶᠡᠬᠡ ᠳᠡᠭᠡᠳᠦ ᠰᠤᠷᠭᠠᠭᠤᠯᠢ ᠪᠣᠯᠣᠨ ᠣᠷᠣᠨ ᠨᠤᠲᠤᠭ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠵᠢᠴᠢ ᠤᠯᠠᠮᠵᠢᠯᠠᠭ᠍ᠴᠢᠳ ᠬᠠᠮᠲᠤᠷᠠᠯᠴᠠᠬᠤ ᠵᠡᠷᠭᠡ᠎ᠶᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠥᠮᠥᠨ ᠢ᠋ ᠬᠥᠮᠥᠵᠢᠭᠦᠯᠬᠦ ᠵᠠᠭᠪᠤᠷ᠎ᠢ ᠴᠢᠷᠮᠠᠢᠨ ᠪᠦᠷᠢᠯᠳᠦᠭᠦᠯᠵᠦ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ ᠪᠠ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠠᠢᠭᠤᠯᠤᠯᠲᠠ᠎ᠳᠤ ᠣᠶᠤᠨ ᠤᠬᠠᠭᠠᠨ ᠪᠠ ᠬᠦᠴᠦᠨ ᠴᠢᠳᠠᠯ ᠵᠢᠡᠨ ᠨᠡᠮᠡᠷᠢᠯᠡᠪᠡ᠃

ᠳᠤᠰ ᠬᠣᠯᠪᠣᠭ᠎ᠠ ᠨᠢ ᠪᠦᠬᠦ ᠤᠯᠤᠰ᠎ᠤᠨ ᠠᠩᠬᠠᠳᠠᠭ᠍ᠴᠢ 《ᠪᠠᠭ᠍ᠰᠢ᠎ᠶᠢᠨ ᠰᠤᠷᠭᠠᠨ ᠬᠥᠮᠦᠵᠢᠯ + ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠤᠯᠠᠮᠵᠢᠯᠠᠭᠴᠢ》 ᠵᠢᠨ ᠰᠤᠷᠭᠠᠭᠤᠯᠢ᠎ᠶᠢᠨ ᠬᠣᠭᠣᠷᠣᠨᠳᠣᠬᠢ ᠬᠠᠮᠵᠢᠯᠴᠠᠬᠤ ᠲᠠᠪᠴᠠᠩ ᠪᠣᠯᠤᠭᠰᠠᠨ᠎ᠤ ᠬᠤᠪᠢ᠎ᠳᠤ᠂ 2025 ᠣᠨ᠎ᠤ 9 ᠰᠠᠷ᠎ᠠ᠎ᠳᠤ ᠾᠧᠪᠸᠢ ᠮᠤᠵᠢ ᠵᠢᠨ ᠴᠧᠩᠳ᠋ᠸ ᠬᠤᠳᠠ ᠳ᠋ᠤ᠌ ᠪᠠᠢᠭᠤᠯᠤᠭᠳᠠᠭᠰᠠᠨ᠎ᠠᠴᠠ ᠨᠠᠭᠠᠰᠢ 71 ᠪᠠᠭ᠍ᠰᠢ᠎ᠶᠢᠨ ᠶᠡᠬᠡ ᠳᠡᠬᠡᠳᠤ ᠰᠤᠷᠭᠠᠭᠤᠯᠢ ᠬᠢᠬᠡᠳ ᠦᠨᠳᠦᠰᠦᠲᠡᠨ ᠤ᠋ ᠶᠡᠬᠡ ᠳᠡᠭᠡᠳᠦ ᠰᠤᠷᠭᠠᠭᠤᠯᠢ᠎ᠶᠢ ᠴᠤᠭᠯᠠᠷᠠᠭᠤᠯᠵᠤ᠂ 《ᠬᠠᠮᠵᠢᠯᠴᠠᠨ ᠰᠢᠨ᠎ᠡ᠎ᠶᠢ ᠡᠭᠦᠳᠬᠦ᠂ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠪᠣᠳᠠᠲᠠᠢ᠎ᠶᠢ ᠡᠷᠬᠢᠮᠯᠡᠨ ᠥᠨᠳᠥᠷ ᠦᠷ᠎ᠡ ᠪᠦᠳᠦᠮᠵᠢ ᠭᠠᠷᠭᠠᠬᠤ》 ᠵᠣᠷᠢᠯᠲᠠ᠎ᠶᠢ ᠪᠠᠷᠢᠮᠳᠠᠯᠠᠵᠤ᠂ ᠥᠩᠭᠡᠷᠡᠭᠰᠡᠨ ᠨᠢᠭᠡ ᠵᠢᠯ᠎ᠳᠦ᠂ ᠬᠣᠯᠪᠣᠭᠠᠨ᠎ᠤ ᠬᠡᠷᠡᠭ ᠡᠷᠬᠢᠯᠡᠭᠴᠢᠳ᠎ᠦᠨ ᠳᠠᠷᠤᠭ᠎ᠠ ᠨᠢᠭᠡᠴᠢ ᠾᠧᠪᠸᠢ ᠵᠢᠨ ᠦᠨᠳᠦᠰᠦᠲᠡᠨ᠎ᠦ ᠪᠠᠭ᠍ᠰᠢ᠎ᠶᠢᠨ ᠳᠡᠭᠡᠳᠦ ᠰᠤᠷᠭᠠᠭᠤᠯᠢ᠎ᠪᠠᠷ ᠲᠦᠷᠦᠭᠦᠯᠡᠭᠦᠯᠦᠨ᠂ ᠪᠦᠷᠢᠯᠳᠦᠭᠦᠨ ᠨᠢᠭᠡᠴᠢ᠎ᠨᠤᠬᠦᠳ ᠲᠠᠢ ᠬᠠᠮᠵᠢᠯᠴᠠᠨ  《ᠡᠩ᠎ᠦᠨ ᠶᠡᠬᠡ ᠳᠡᠬᠡᠳᠤ ᠰᠤᠷᠭᠠᠭᠤᠯᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠢᠴᠢᠶᠡᠯ᠎ᠦᠨ ᠪᠠᠢᠭᠤᠯᠤᠯᠲᠠ᠎ᠶᠢᠨ ᠵᠦᠭᠯᠡᠭᠦᠷ》  ᠤ᠋ᠨ ᠪᠦᠯᠬᠦᠮ᠎ᠦᠨ ᠪᠠᠷᠢᠮᠵᠢᠶ᠎ᠠ᠎ᠶᠢ ᠲᠣᠭᠲᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠢᠴᠢᠶᠡᠯ᠎ᠦᠨ ᠭᠠᠳᠠᠨᠠᠬᠢ ᠠᠵᠢᠯᠯᠠᠭ᠎ᠠ᠎ᠠᠴᠠ ᠰᠢᠨᠵᠢᠯᠡᠭᠡᠨ᠎ᠦ ᠰᠠᠯᠠᠭ᠎ᠠ᠎ᠶᠢᠨ ᠲᠤᠰᠬᠠᠢ ᠮᠡᠷᠭᠡᠵᠢᠯ᠎ᠦᠨ ᠬᠢᠴᠢᠶᠡᠯ᠎ᠦᠨ ᠲᠠᠩᠬᠢᠮ ᠲᠡᠢᠰᠢ ᠬᠥᠭᠵᠢᠬᠦ᠎ᠶᠢ ᠠᠬᠢᠭᠤᠯᠪᠠ᠃

ᠤᠢᠯᠠᠭᠠᠭᠰᠠᠨ ᠵᠢᠡᠷ᠂ ᠬᠦᠬᠡᠬᠤᠳᠠ ᠦᠨᠳᠦᠰᠦᠳᠡᠨ ᠤ᠋ ᠳᠡᠬᠡᠳᠤ ᠰᠤᠷᠭᠠᠭᠤᠯᠢ ᠨᠢ 《ᠪᠣᠳᠠᠰ᠎ᠤᠨ ᠪᠤᠰᠤ ᠰᠣᠶᠣᠯ᠎ᠤᠨ ᠥᠪ+》 ᠣᠨᠴᠠᠯᠢᠭ᠍ᠲᠤ ᠠᠵᠢᠯᠯᠠᠭ᠎ᠠ᠎ᠵᠢᠨ ᠰᠢᠨ᠎ᠡ᠎ᠵᠢ ᠡᠭᠦᠳᠦᠨ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠢ ᠨᠡᠭᠡᠭᠡᠨ᠂ ᠤᠯᠤᠰ᠎ᠤᠨ ᠲᠠᠰ᠎ᠤᠨ ᠰᠤᠳᠤᠯᠭᠠᠨ᠎ᠤ ᠲᠠᠪᠴᠠᠩ᠎ᠢ ᠪᠠᠢᠭᠤᠯᠵᠤ ᠂ ᠨᠠᠢ᠍ᠮᠠᠨ ᠲᠣᠮᠣ᠌ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ ᠪᠠ ᠲᠠᠪᠤᠨ ᠤᠯᠠᠮᠵᠢᠯᠠᠭᠴᠢ ᠵᠢ ᠴᠤᠭᠯᠠᠷᠠᠭᠤᠯᠤᠨ᠂ 《ᠮᠤᠷᠢᠳᠠᠨ ᠤ᠋ ᠵᠢᠪᠬᠤᠭ᠎ᠠ》 ᠬᠡᠬᠦ ᠪᠦᠳᠦᠬᠡᠯ ᠨᠢ ᠳᠤᠮᠳᠠᠳᠤ ᠤᠯᠤᠰ᠎ᠤᠨ ᠣᠯᠠᠨ ᠤᠯᠤᠰ᠎ᠤᠨ ᠣᠶᠤᠲᠠᠳ᠎ᠤᠨ ᠰᠢᠨ᠎ᠡ᠎ᠶᠢ ᠡᠭᠦᠳᠬᠦ ᠤᠷᠤᠯᠳᠤᠭᠠᠨ᠎ᠤ ᠤᠯᠤᠰ᠎ᠤᠨ ᠤᠷᠤᠯᠳᠤᠭᠠᠨ᠎ᠤ ᠠᠯᠲᠠᠨ ᠮᠧᠳᠠᠯ᠎ᠢ ᠳᠤᠰᠴᠤ᠂ ᠡᠮᠡᠭᠡᠯ᠎ᠦᠨ ᠪᠦᠲᠦᠭᠡᠯ᠎ᠨᠢ ᠭᠠᠳᠠᠭᠠᠳᠤ ᠬᠠᠷᠢᠯᠴᠠᠭᠠᠨ᠎ᠤ ᠤᠯᠤᠰ᠎ᠤᠨ ᠪᠡᠯᠡᠭ ᠪᠤᠯᠵᠤ ᠬᠡᠷᠡᠭᠯᠡᠭᠳᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠢᠳᠤᠯᠢᠭ᠋ ᠤᠯᠠᠮᠵᠢᠯᠠᠯ᠎ᠤᠨ ᠥᠪᠡᠷᠮᠢᠴᠡ ᠣᠨᠴᠠᠯᠢᠭ᠋᠎ᠲᠠᠢ ᠵᠠᠮ᠎ᠢᠶᠠᠷ ᠵᠠᠮᠨᠠᠪᠠ ᠃

ᠬᠥᠩᠭᠡᠨᠴᠠᠭᠠᠨ᠎ᠤ ᠮᠠᠲ᠋ᠧᠷᠢᠶᠠᠯ 219.2 ᠲᠦᠮᠡᠨ ᠲᠣᠨ᠎ᠳᠤ ᠬᠦᠷᠴᠦ᠍᠂ 3.6% ᠪᠡᠷ ᠨᠡᠮᠡᠭᠳᠡᠵᠠᠢ; ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 731.7 ᠲᠦᠮᠡᠨ ᠺᠢᠯᠦᠸᠠᠲ᠎ᠲᠤ᠌ ᠬᠦᠷᠴᠦ᠍᠂ 53.6% ᠎ᠪᠠᠷ ᠨᠡᠮᠡᠭᠳᠡᠵᠠᠢ᠃

ᠡᠨᠡ ᠵᠢᠯ᠂ ᠦᠪᠦᠷ ᠮᠤᠩᠭᠤᠯ᠎ᠤᠨ ᠡᠯ᠎ᠡ ᠭᠠᠵᠠᠷ᠎ᠤᠨ ᠬᠢᠨ ᠰᠢᠨ᠎ᠡ᠎ᠶᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶᠢ ᠶᠡᠬᠡ᠎ᠪᠡᠷ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠶᠢ ᠲᠦᠷᠭᠡᠳᠬᠡᠬᠦ᠌᠎ᠶᠢᠨ ᠬᠠᠮᠲᠤ᠌ ᠬᠥᠭᠵᠢᠯᠲᠡ᠎ᠶᠢᠨ ᠢᠷᠡᠭᠡᠳᠦᠢ᠎ᠪᠡᠷ ᠨᠡᠯᠢᠶᠡᠳ ᠰᠠᠢ᠌ᠨ ᠳᠡᠭᠡᠳᠦ ᠰᠢᠨ᠎ᠠ ᠮᠡᠷᠭᠡᠵᠢᠯ᠎ᠦᠨ ᠠᠵᠤ ᠦᠢᠯᠡᠰ᠎ᠢ ᠦᠷᠭᠦᠯᠵᠢᠯᠡᠨ ᠬᠦᠴᠦᠯᠡᠵᠦ᠍᠂ ᠬᠠᠮᠢᠶ᠎ᠠ ᠪᠦᠬᠦᠢ ᠪᠡᠯᠡ ᠣᠷᠣᠭᠤᠯᠤᠯᠲᠠ᠎ᠶᠢᠨ ᠲᠦᠷᠭᠡᠨ ᠨᠡᠮᠡᠭᠳᠡᠯ᠎ᠢ ᠠᠬᠢᠭᠤᠯᠵᠠᠢ᠃ ᠲᠦᠷᠦᠭᠦᠦ ᠭᠤᠷᠪᠠᠨ ᠤᠯᠠᠷᠢᠯ᠎ᠳᠤ᠂ ᠦᠪᠦᠷ ᠮᠤᠩᠭᠤᠯ᠎ᠤᠨ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠍᠂ ᠳᠡᠭᠡᠳᠦ ᠰᠢᠨ᠎ᠠ ᠮᠡᠷᠭᠡᠵᠢᠯ᠎ᠦᠨ ᠠᠵᠤ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 18.9% ᠪᠠᠷ ᠨᠡᠮᠡᠭᠳᠡᠵᠠᠢ᠃ ᠡᠭᠦᠨ᠎ᠳᠦ᠂ ᠳᠡᠭᠡᠳᠦ ᠰᠢᠨ᠎ᠠ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 27.8% ᠪᠠᠷ ᠨᠡᠮᠡᠭᠳᠡᠵᠦ᠍᠂ ᠪᠤᠳᠤᠯᠳᠡ᠎ᠶᠢᠨ ᠬᠦᠴᠦᠨ ᠪᠠ ᠨᠦᠬᠡᠴᠡᠯᠡᠬᠦ ᠬᠡᠷᠡᠭᠴᠡᠭᠡ ᠱᠠᠭᠠᠷᠳᠠᠯᠭ᠎ᠠ ᠪᠦᠬᠦᠢ ᠬᠠᠮᠢᠶ᠎ᠠ ᠪᠥᠬᠥᠶ ᠮᠡᠳᠡᠭᠡ ᠵᠠᠩᠭᠢ᠎ᠶᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠎ᠦᠨ ᠪᠠᠯᠠ ᠣᠷᠣᠭᠤᠯᠤᠯᠲᠠ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 43.7% ᠪᠠᠷ ᠨᠡᠮᠡᠭᠳᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面