ᠲᠡᠷᠢᠭᠦᠨ ᠨᠢᠭᠤᠷ>ᠰᠤᠷᠭᠠᠨ ᠬᠦᠮᠦᠵᠢᠯ >ᠰᠤᠷᠭᠠᠭᠤᠯᠢ

2026-11-05 11:36:59

ᠵᠣᠬᠢᠶᠠᠭ᠍ᠴᠢ᠄ ᠴᠸᠨ ᠨᠠᠷᠠᠨᠳᠤᠨᠭᠭᠠᠯᠠᠭ ᠣᠩᠱᠢᠭ᠍ᠰᠠᠨ ᠣᠳᠠᠭ᠎ᠠ᠄ 3

2026 ᠣᠨ᠎ᠤ ᠬᠥᠬᠡᠬᠣᠲᠠ᠎ᠶᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ) ᠤ᠋ᠨ ᠬᠦᠨᠳᠦ ᠬᠥᠩᠭᠡᠨ ᠪᠡᠶ᠎ᠡ᠎ᠶᠢᠨ ᠲᠠᠮᠢᠷ᠎ᠤᠨ ᠳᠤᠮᠳᠠ ᠪᠠ ᠬᠣᠯᠠ ᠭᠦᠶᠦᠯᠲᠡ ᠎ᠶᠢᠨ ᠤᠷᠤᠯᠳᠤᠭᠠᠨ ᠤᠢᠷ᠎ᠠ ᠳ᠋ᠤᠬᠥᠬᠡᠬᠣᠲᠠ᠎ᠶᠢᠨ ᠪᠥᠬᠥ ᠠᠷᠠᠳ ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠎ᠦ ᠲᠥᠪ ᠎ᠲᠤ ᠡᠬᠢᠯᠡᠪᠡ᠃ ᠲᠣᠰ ᠤᠳᠠᠭᠠᠨ᠎ᠤ ᠤᠷᠤᠯᠳᠤᠭᠠᠨ ᠎ᠢ  ᠬᠥᠬᠡᠬᠣᠲᠠ᠎ᠶᠢᠨ ᠪᠡᠶ᠎ᠡ᠎ᠶᠢᠨ ᠲᠠᠮᠢᠷ ᠎ᠤᠨ ᠲᠣᠪᠴᠢᠶ᠎ᠠ᠂ ᠰᠤᠷᠭᠠᠨ ᠬᠥᠮᠦᠵᠢᠯ᠎ᠦᠨ ᠲᠣᠪᠴᠢᠶ᠎ᠠ ᠬᠠᠮᠲᠤᠷᠠᠨ ᠡᠷᠭᠢᠯᠡᠪᠡ᠃

ᠲᠣᠰ ᠤᠳᠠᠭᠠᠨ᠎ᠤ ᠤᠷᠤᠯᠳᠤᠭᠠᠨ᠎ᠳᠦ ᠪᠥᠬᠥ ᠬᠣᠲᠠ᠎ᠶᠢᠨ 60 ᠭᠠᠷᠤᠢ ᠳᠤᠮᠳᠠᠳᠤ ᠪᠠᠭ᠎ᠠ ᠰᠤᠷᠭᠠᠭᠤᠯᠢ᠎ᠵᠢᠨ 600 ᠭᠠᠷᠤᠢ ᠰᠤᠷᠤᠭᠴᠢᠳ ᠣᠷᠣᠯᠴᠠᠭᠰᠠᠨ ᠪᠠᠢᠨ᠎ᠠ᠃ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠪᠡᠶ᠎ᠡ ᠰᠡᠳᠬᠢᠴᠡ᠎ᠶᠢᠨ ᠬᠥᠭᠵᠢᠯᠲᠡ᠎ᠶᠢᠨ ᠵᠢᠮ᠎ᠡ ᠶᠣᠰᠣ᠌ ᠪᠣᠯᠣᠨ ᠬᠥᠳᠡᠯᠭᠡᠭᠡᠨ᠎ᠦ ᠴᠢᠳᠠᠪᠤᠷᠢ᠎ᠶᠢᠨ ᠣᠨᠴᠠᠯᠢᠭ᠋᠎ᠢ ᠰᠢᠨᠵᠢᠯᠡᠬᠦ ᠤᠬᠠᠭᠠᠨᠴᠢ ᠎ᠪᠠᠷ ᠨᠢᠭᠡᠳᠦᠯᠲᠡᠢ ᠲᠥᠯᠥᠪᠵᠢᠭᠦᠯᠵᠦ᠂ ᠪᠠᠭ᠎ᠠ ᠰᠤᠷᠭᠠᠭᠤᠯᠢ᠎ᠶᠢᠨ ᠳᠤᠭᠤᠢᠯᠠᠩ᠂ ᠠᠩᠬ᠎ᠠ ᠵᠡᠷᠭᠡ ᠎ᠶᠢᠨ ᠳᠤᠮᠳᠠᠳᠤ ᠰᠤᠷᠭᠠᠭᠤᠯᠢ ᠎ᠶᠢᠨ ᠳᠤᠭᠤᠢᠯᠠᠩ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ ᠵᠡᠷᠭᠡ ᠲᠦᠷᠦᠯ ᠬᠤᠪᠢᠶᠠᠪᠠ᠂ᠤᠷᠤᠯᠳᠤᠭᠠᠨ᠎ᠤ ᠲᠦᠷᠦᠯ ᠵᠦᠢᠯ ᠨᠢ 400 ᠮᠸᠲᠷ᠂ 800 ᠮᠸᠲᠷ᠂ 1500 ᠮᠸᠲᠷ᠂ 3000 ᠮᠸᠲᠷ᠂ 5000 ᠮᠸᠲᠷ᠂ 3000 ᠮᠸᠲᠷ᠎ᠤᠨ ᠠᠯᠬᠤᠭ᠎ᠠ ᠤᠷᠤᠯᠳᠤᠭᠠᠨ ᠎ᠢ ᠬᠠᠮᠤᠷᠴᠠᠢ᠃

ᠳᠤᠮᠳᠠ ᠪᠠ ᠬᠣᠯᠠ ᠭᠦᠶᠦᠯᠲᠡ᠎ᠶᠢᠨ ᠲᠥᠷᠥᠯ ᠵᠦᠢᠯ ᠪᠣᠯ ᠵᠠᠯᠠᠭᠤᠴᠤᠳ ᠪᠠᠭᠠᠴᠤᠳ᠎ᠤᠨ ᠦᠨᠳᠦᠰᠦᠨ ᠪᠡᠶ᠎ᠡ᠎ᠶᠢᠨ ᠴᠢᠳᠠᠪᠤᠷᠢ᠎ᠶᠢᠨ ᠪᠣᠯᠪᠠᠰᠤᠷᠠᠯ᠎ᠤᠨ ᠭᠣᠣᠯ ᠲᠥᠷᠥᠯ ᠵᠦᠢᠯ ᠮᠥᠨ᠂ ᠲᠡᠷᠡ ᠨᠢ ᠵᠠᠯᠠᠭᠤᠴᠤᠳ ᠪᠠᠭᠠᠴᠤᠳ᠎ᠤᠨ ᠬᠠᠲᠠᠭᠤ ᠵᠣᠷᠢᠭ᠋ ᠲᠡᠰᠪᠦᠷᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠵᠢᠷᠦᠬᠡ ᠠᠭᠤᠰᠬᠢᠨ᠎ᠤ ᠴᠢᠳᠠᠮᠵᠢ᠎ᠶᠢ ᠳᠡᠭᠡᠭᠰᠢᠯᠡᠭᠦᠯᠬᠦ᠂ ᠪᠡᠶ᠎ᠡ ᠮᠠᠬᠠᠪᠤᠳ᠎ᠤᠨ ᠬᠡᠪ ᠴᠢᠨᠠᠷ᠎ᠢ ᠪᠠᠲᠤᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠣᠰ ᠤᠳᠠᠭᠠᠨ᠎ᠤ ᠤᠷᠤᠯᠳᠤᠭᠠᠨ ᠨᠢ ᠰᠤᠷᠭᠠᠭᠤᠯᠢ᠎ᠶᠢᠨ ᠬᠦᠷᠢᠶᠡᠨ᠎ᠦ ᠪᠡᠶ᠎ᠡ᠎ᠶᠢᠨ ᠲᠠᠮᠢᠷ᠎ᠢᠶᠠᠷ ᠬᠥᠮᠥᠨ ᠎ᠢ ᠬᠥᠮᠥᠵᠢᠭᠦᠯᠬᠦ ᠳ᠋ᠤ ᠰᠠᠭᠤᠷᠢᠯᠠᠵᠤ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭᠠᠨ᠎ᠢᠶᠠᠷ ᠪᠠᠢᠭᠤᠯᠤᠯᠲᠠ᠎ᠶᠢ ᠠᠬᠢᠭᠤᠯᠬᠤ》 ᠶ᠋ᠢ ᠪᠠᠷᠢᠮᠲᠠᠯᠠᠵᠤ᠂ ᠡᠯ᠎ᠡ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠤᠨ ᠦᠷ᠎ᠡ ᠪᠦᠲᠦᠮᠵᠢ᠎ᠶᠢ ᠪᠦᠲᠦᠮᠵᠢᠲᠡᠶ ᠰᠢᠯᠭᠠᠨ ᠪᠠᠢᠴᠠᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面