2026-11-16 10:36:22
ᠮᠣᠷᠢᠨ ᠬᠤᠭᠤᠷᠴᠢᠨ ᠪᠠᠯᠵᠤᠤᠷ ᠲᠦᠷᠦᠬᠦᠬᠡᠨ ᠲᠦᠷᠦᠭᠰᠡᠨ ᠨᠤᠲᠤᠭ ᠠᠷᠤ ᠬᠤᠷᠴᠢᠨ ᠬᠤᠰᠢᠭᠤᠨ ᠳ᠋ᠠᠭᠠᠨ ᠪᠤᠴᠠᠵᠤ᠂ ᠱᠤᠤ ᠪᠠᠯᠭᠠᠰᠤ ᠵᠢᠨ ᠱᠤᠤ ᠨᠢᠭᠡᠳᠦᠭᠡᠷ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠲᠤ ᠮᠤᠷᠢᠨ ᠬᠤᠭᠤᠷ᠎ᠤᠨ ᠨᠡᠢᠲᠡ᠎ᠶᠢᠨ ᠠᠰᠠᠷᠠᠮᠵᠢ᠎ᠶᠢᠨ ᠬᠢᠴᠢᠶᠡᠯ ᠤᠷᠤᠵᠤ᠂ ᠪᠠᠭᠰᠢ ᠰᠤᠷᠤᠭᠴᠢᠳ᠎ᠤᠨ ᠪᠠᠬᠠᠷᠬᠠᠯ᠎ᠢ ᠲᠠᠳᠠᠪᠠ᠃

ᠪᠠᠯᠵᠤᠤᠷ ᠲᠦᠴᠢᠨ ᠵᠢᠯ᠎ᠦᠨ ᠡᠮᠦᠨ᠎ᠡ ᠤᠳᠤ ᠵᠢᠨ ᠱᠤᠤ ᠨᠢᠭᠡᠳᠦᠭᠡᠷ ᠪᠠᠭ᠎ᠠ ᠰᠤᠷᠭᠠᠭᠤᠯᠢ᠎ᠳᠤ ᠰᠤᠷᠣᠯᠴᠠᠵᠦ ᠪᠠᠢᠵᠠᠢ᠃ ᠤᠢᠷ᠎ᠠ᠎ᠶᠢᠨ ᠵᠢᠯ᠎ᠤᠳ ᠲᠸ᠋ ᠲᠡᠷᠡ ᠪᠡᠷ ᠭᠡᠷ᠎ᠦᠨ ᠠᠬᠠᠮᠠᠳ᠎ᠤᠨ ᠲᠡᠮᠵᠢᠯᠭᠡ ᠲᠠᠢ᠂ ᠠᠪᠢᠶᠠᠰ ᠪᠢᠯᠢᠭ ᠰᠠᠢᠲᠠᠢ᠂ ᠮᠤᠷᠢᠨ ᠬᠤᠭᠤᠷ᠎ᠲᠤ ᠬᠠᠶ᠋ᠢᠷᠠᠲᠠᠢ ᠬᠡᠦᠬᠡᠳ᠎ᠲᠤ ᠥᠪᠡᠷ᠎ᠦᠨ ᠤᠯᠠᠨ ᠵᠢᠯ᠎ᠦᠨ ᠲᠤᠰᠬᠠᠢ ᠮᠡᠷᠭᠡᠵᠢᠯ᠎ᠦᠨ ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ᠎ᠢᠶᠡᠨ ᠰᠢᠰᠲᠧᠮ᠎ᠲᠠᠢ ᠵᠢᠭᠠᠵᠤ᠂ ᠮᠤᠷᠢᠨ ᠬᠤᠭᠤᠷ ᠤᠨ ᠤᠯᠠᠮᠵᠢᠯᠠᠯᠳᠦ ᠰᠤᠶᠤᠯ ᠢ ᠵᠠᠯᠠᠭᠤᠴᠤᠳ ᠪᠠᠭᠠᠴᠤᠳ ᠤᠨ ᠰᠡᠳᠬᠢᠯ᠎ᠳᠦ ᠦᠨᠳᠦᠰᠦᠯᠡᠭᠦᠯᠬᠦ ᠪᠡᠷ ᠵᠢᠳᠭᠦᠵᠦ ᠶᠠᠪᠤᠪᠠ᠃ ᠪᠠᠰᠠ ᠱᠤᠤ ᠨᠢᠭᠡᠳᠦᠭᠡᠷ ᠪᠠᠭ᠎ᠠ ᠰᠤᠷᠭᠠᠭᠤᠯᠢᠶᠢᠨᠮᠤᠷᠢᠨ ᠬᠤᠭᠤᠷ᠎ᠲᠤ ᠬᠠᠶ᠋ᠢᠷᠠᠲᠠᠢ ᠨᠠᠨᠳᠢᠨ᠂ ᠪᠢᠴᠢᠭᠬᠦᠦ᠂ ᠰᠠᠨᠢᠴᠢᠷ᠂ ᠠᠨᠠᠷ ᠵᠡᠷᠭᠡ ᠲᠦᠷᠪᠡᠨ ᠰᠤᠷᠤᠭ᠍ᠴᠢ᠎ᠶᠢ ᠰᠣᠩᠭᠣᠵᠤ᠂ ᠵᠢᠯ ᠪᠦᠷᠢ᠎ᠶᠢᠨ ᠡᠪᠦᠯ ᠵᠤᠨ᠎ᠤ ᠠᠮᠠᠷᠠᠯᠲᠠ᠎ᠪᠡᠷ ᠦᠨ᠎ᠠ ᠲᠦᠯᠦᠪᠤᠷᠢ ᠦᠭᠡᠢ ᠪᠡᠷ ᠮᠤᠷᠢᠨ ᠬᠤᠭᠤᠷ ᠤ᠋ᠨ ᠮᠡᠷᠭᠡᠵᠢᠯ ᠰᠤᠷᠭᠠᠬᠤ᠎ᠪᠠᠷ ᠪᠤᠯᠪᠠ᠃ ᠵᠢᠭᠠᠨ ᠰᠤᠷᠭᠠᠯᠲᠠ ᠳ᠋ᠠᠭᠠᠨ ᠶᠠᠮᠠᠷ ᠴᠤ᠌ ᠰᠤᠷᠤᠯᠭ᠎ᠠ᠎ᠶᠢᠨ ᠰᠤᠢᠳᠭᠡᠯ ᠬᠤᠷᠢᠶᠠᠬᠤ ᠦᠭᠡᠢ ᠨᠢ ᠡᠳᠡᠭᠡᠷ ᠲᠠᠭᠤᠤ ᠬᠦᠭᠵᠢᠮ ᠳ᠋ᠤ ᠪᠠᠬᠠᠳᠠᠢ ᠬᠡᠦᠬᠡᠳ᠎ᠤᠳ᠎ᠤᠨ ᠦᠰᠦᠨ ᠪᠣᠶ᠋ᠢᠵᠢᠯᠳᠠ ᠵᠢᠨ ᠵᠠᠮ ᠢ᠋ ᠦᠷᠬᠡᠳᠬᠡᠵᠦ᠂ ᠮᠣᠷᠢᠨ ᠬᠤᠭᠤᠷ ᠭᠡᠬᠦ ᠡᠨᠡ ᠬᠦ᠌ ᠪᠣᠳᠠᠰ᠎ᠤᠨ ᠪᠤᠰᠤ ᠰᠣᠶᠣᠯ᠎ᠤᠨ ᠥᠪ᠎ᠢ ᠦᠪᠯᠡᠨ ᠤᠯᠠᠮᠵᠢᠯᠠᠬᠤ ᠳ᠋ᠤ ᠬᠦᠴᠦᠨ ᠨᠡᠮᠡᠷᠢᠯᠡᠵᠦ ᠪᠠᠢᠳᠠᠭ᠃ ᠳᠡᠷᠡ᠄《ᠤᠳᠤᠬᠠᠨ ᠳ᠋ᠤ ᠤᠯᠤᠰ᠎ᠤᠨ ᠳᠤᠳᠤᠭᠠᠳᠤ ᠵᠢᠨ ᠤᠯᠠᠨ ᠶᠡᠬᠡ ᠰᠤᠷᠭᠠᠭᠤᠯᠢ ᠮᠤᠷᠢᠨ ᠬᠤᠭᠤᠷ ᠤᠨ ᠳᠤᠰᠬᠠᠢ ᠮᠡᠷᠬᠡᠵᠢᠯ᠎ᠤᠨ ᠰᠤᠷᠤᠭᠴᠢ ᠡᠯᠰᠡᠵᠦ ᠪᠠᠢᠨ᠎ᠠ᠃ ᠳᠤᠰᠬᠠᠢ ᠮᠡᠷᠬᠡᠵᠢᠯ ᠰᠤᠷᠬᠤ ᠬᠡᠭᠴᠢ ᠴᠠᠭ ᠬᠡᠷᠡᠭᠰᠡᠬᠦ ᠮᠦᠷᠳᠡᠬᠡᠨ ᠬᠡᠦᠬᠡᠳ᠎ᠤᠨ ᠰᠢᠷᠭᠠᠭᠤ ᠬᠠᠳᠠᠭᠤᠵᠢᠯᠳᠠᠢ ᠰᠤᠷᠤᠯᠴᠠᠬᠤ ᠡᠷᠴᠢ ᠵᠤᠷᠢᠭ᠎ᠢ ᠱᠠᠭᠠᠷᠳᠠᠨ᠎ᠠ》 ᠬᠡᠵᠦ ᠶᠠᠷᠢᠵᠤ ᠪᠠᠢᠯ᠎ᠠ᠃
2019 ᠣᠨ ᠤ᠋ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠠᠩᠬᠠᠳᠠᠭ᠍ᠴᠢ ᠮᠤᠷᠢᠨ ᠬᠤᠭᠤᠷ᠎ᠤᠨ ᠤᠷᠠᠯᠢᠭ᠋᠎ᠤᠨ ᠨᠠᠶ᠋ᠢᠷ ᠲᠤ᠌ ᠪᠠᠯᠵᠤᠤᠷ ᠪᠠᠬᠰᠢ᠎ᠶᠢᠨ ᠤᠷᠠᠯᠠᠭᠰᠠᠨ ᠮᠣᠷᠢᠨ ᠬᠣᠭᠣᠷ ᠨᠢ ᠤᠷᠠᠯᠢᠭ᠋᠎ᠤᠨ ᠰᠣᠳᠣᠨ ᠪᠦᠲᠦᠭᠡᠯ᠎ᠦᠨ ᠦᠵᠡᠭᠦᠯᠭᠡ ᠶ᠋ᠢᠨ ᠰᠢᠯᠢᠳᠡᠭ ᠱᠠᠩ ᠬᠦᠷᠲᠡᠵᠦ᠂ 2022 ᠣᠨ ᠤ᠋ ᠲᠤᠰᠬᠠᠶ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ ᠳ᠋ᠤ᠌ ᠮᠣᠷᠢᠨ ᠬᠤᠭᠤᠷ ᠤᠷᠠᠯᠠᠭᠴᠢ᠎ᠶᠢᠨ ᠬᠣᠶᠠᠳᠤᠭᠠᠷ ᠳᠡᠰ᠎ᠤᠨ ᠱᠠᠩᠨᠠᠯ ᠬᠥᠷᠲᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃