ᠲᠡᠷᠢᠭᠦᠨ ᠨᠢᠭᠤᠷ>ᠰᠤᠷᠭᠠᠨ ᠬᠦᠮᠦᠵᠢᠯ >ᠪᠠᠭ᠎ᠠ ᠰᠤᠷᠭᠠᠭᠤᠯᠢ

2026-02-27 17:22:37

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ ᠵᠢ ᠬᠦᠨᠵᠡᠬᠡᠢᠷᠡᠬᠦᠯᠦᠨ᠂《ᠠᠭᠤᠰᠤᠯᠴᠠᠬᠤ》 ᠮᠠᠶᠢᠭ᠋᠎ᠤᠨ ᠰᠤᠷᠭᠠᠨ ᠬᠥᠮᠦᠵᠢᠯ᠎ᠦᠨ ᠣᠢᠯᠠᠭᠠᠭᠳᠠᠬᠤᠨ᠎ᠢ ᠦᠢᠯᠡᠳᠦᠯᠭᠡᠵᠢᠭᠦᠯᠬᠦ ᠪᠡᠷ᠂ ᠥᠪᠥᠷ ᠮᠣᠩᠭᠣᠯ᠎ᠤᠨ 44 ᠪᠠᠭᠰᠢ ᠰᠤᠷᠤᠭᠴᠢ ᠲᠦᠷᠦᠬᠦᠬᠡᠨ ᠮᠠᠨᠵᠤᠤᠷ ᠡᠴᠡ ᠨᠡᠢᠰᠯᠡᠯ ᠪᠡᠬᠡᠵᠢᠩ ᠳ᠋ᠤ ᠬᠦᠷᠴᠦ᠂ 《ᠪᠢ ᠪᠡᠭᠡᠵᠢᠩ᠎ᠳᠦ ᠬᠦᠷᠴᠦ ᠴᠠᠭᠠᠨ ᠰᠠᠷ᠎ᠠ᠎ᠪᠠᠨ ᠤᠭᠲᠤᠨ᠎ᠠ》 ᠬᠡᠬᠦ ᠰᠤᠳᠤᠯᠤᠨ ᠰᠤᠷᠤᠯᠴᠠᠬᠤ ᠠᠵᠢᠯᠯᠠᠭ᠎ᠠ ᠳ᠋ᠤ ᠤᠷᠤᠯᠴᠠᠵᠠᠢ᠃




ᠠᠵᠢᠯᠯᠠᠭ᠎ᠠ ᠵᠢᠨ ᠡᠬᠢᠯᠡᠯᠳᠡ ᠵᠢᠨ ᠶᠤᠰᠤᠯᠠᠯ ᠳ᠋ᠤ ᠪᠡᠬᠡᠵᠢᠩ ᠦᠪᠦᠷ ᠮᠤᠩᠭᠤᠯ᠎ᠤᠨ ᠰᠤᠷᠤᠭᠴᠢᠳ ᠭᠤᠶᠤ ᠰᠠᠢᠬᠠᠨ ᠳᠤᠭᠯᠠᠯᠳᠠ ᠭᠠᠷᠭᠠᠵᠤ᠂ ᠴᠠᠭᠠᠨ ᠰᠠᠷ᠎ᠠ᠎ᠶᠢᠨ ᠵᠠᠩ ᠵᠠᠩᠰᠢᠯ᠎ᠤᠨ ᠳᠤᠬᠠᠢ ᠬᠠᠮᠲᠤ ᠪᠠᠷ ᠶᠠᠷᠢᠯᠴᠠᠵᠤ᠂ ᠵᠠᠬᠢᠳᠠᠯ ᠪᠠ ᠰᠡᠳᠬᠢᠯ᠎ᠤᠨ ᠪᠡᠯᠡᠭ ᠵᠢᠡᠨ ᠰᠤᠯᠢᠯᠴᠠᠨ᠂ ᠬᠤᠤᠰ ᠤᠶᠠᠩᠭ᠎ᠠ ᠪᠢᠴᠢᠨ᠂ ᠬᠠᠮᠳᠤ ᠪᠡᠷ ᠪᠠᠩᠰᠢ ᠪᠠᠷᠢᠵᠤ᠂ ᠤᠯᠤᠰ᠎ᠤᠨ ᠲᠣᠭ ᠮᠠᠨᠳᠤᠭᠤᠯᠬᠤ ᠶᠣᠰᠣᠯᠠᠯ᠎ᠢ ᠰᠤᠨᠢᠷᠬᠠᠵᠤ᠂ ᠰᠣᠨᠢᠷᠬᠠᠯᠲᠤ ᠳᠠᠮᠢᠷ᠎ᠤᠨ ᠬᠦᠳᠡᠯᠬᠡᠬᠡᠨ᠎ᠤ ᠳᠤᠮᠳᠠ ᠨᠦᠬᠦᠷᠯᠡᠯ ᠵᠢᠡᠨ ᠪᠠᠳᠤᠳᠬᠠᠵᠠᠢ᠃

ᠪᠠᠭᠰᠢ ᠰᠤᠷᠤᠭᠴᠢᠳ᠎ᠤᠨ ᠰᠤᠷᠤᠯᠴᠠᠯᠭ᠎ᠠ ᠵᠢᠨ ᠠᠶᠠᠯᠠᠯ ᠤᠳᠬ᠎ᠠ ᠳᠡᠬᠦᠯᠳᠡᠷ ᠪᠠᠢᠯ᠎ᠠ᠃ ᠳᠡᠳᠡ ᠪᠡᠭᠡᠵᠢᠩ᠎ᠦᠨ ᠪᠢᠴᠢᠬᠠᠨ ᠨᠠᠢᠵᠠ ᠨᠠᠷ ᠳᠠᠢ ᠪᠠᠨ ᠬᠠᠮᠲᠤ᠎ᠲᠢᠶᠠᠨ ᠠᠨ ᠮᠧᠨ ᠲᠠᠯᠠᠪᠠᠢ ᠳ᠋ᠤ ᠬᠦᠷᠴᠦ ᠤᠯᠤᠰ᠎ᠤᠨ ᠲᠣᠭ ᠮᠠᠨᠳᠤᠭᠤᠯᠬᠤ ᠶᠣᠰᠣᠯᠠᠯ᠎ᠢ ᠬᠠᠮᠲᠤ᠎ᠪᠠᠷ ᠰᠣᠨᠢᠷᠬᠠᠨ᠂ ᠤᠯᠤᠰ᠎ᠢᠶᠠᠨ ᠬᠠᠢᠷᠠᠯᠠᠬᠤ ᠰᠡᠳᠬᠢᠯᠭᠡ᠎ᠪᠠᠨ ᠵᠤᠵᠠᠭᠠᠳᠬᠠᠪᠠ; ᠳᠠᠷᠠᠭ᠎ᠠ ᠨᠢ ᠮᠠᠤ ᠲᠡᠷᠢᠭᠦᠯᠡᠭᠴᠢ᠎ᠶᠢᠨ ᠳᠤᠷᠠᠰᠬᠠᠯ᠎ᠤᠨ ᠣᠷᠳᠣᠨ᠎ᠢ ᠪᠠᠷᠠᠳᠠᠵᠤ᠂ ᠠᠭᠤᠤ ᠬᠥᠮᠥᠰ᠎ᠦᠨ ᠤᠯᠠ ᠮᠥᠷ᠎ᠢ ᠡᠷᠢᠯᠬᠢᠯᠡᠪᠡ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶᠢᠨ ᠦᠵᠡᠰᠬᠦᠯᠡᠩ᠎ᠦᠨ ᠣᠷᠳᠣᠨ᠎ᠳᠤ ᠬᠦᠷᠴᠦ᠂ ᠵᠠᠭᠤᠨ ᠵᠢᠯ᠎ᠦᠨ ᠠᠶᠠᠨ ᠢ᠋ ᠡᠷᠭᠢᠴᠡᠭᠦᠯᠵᠦ᠂ ᠬᠤᠪᠢᠰᠬᠠᠯ᠎ᠤᠨ ᠵᠣᠷᠢᠭ᠋ ᠰᠠᠨᠠᠭ᠎ᠠ ᠡᠴᠡ ᠰᠤᠷᠤᠯᠴᠠᠪᠠ; ᠶᠤᠸᠠᠨ ᠮᠢᠩ ᠶᠤᠸᠠᠨ ᠴᠡᠴᠡᠷᠯᠢᠭ᠎ᠦᠨ ᠪᠠᠭᠤᠷᠢ᠎ᠪᠠᠷ ᠵᠤᠭᠠᠴᠠᠵᠤ᠂ ᠲᠡᠦᠬᠡ᠎ᠶᠢᠨ ᠦᠯᠡᠳᠡᠭᠳᠡᠯ᠎ᠡᠴᠡ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠣᠢᠯᠠᠭᠠᠪᠠ᠃

ᠨᠡᠢᠰᠯᠡᠯ ᠪᠡᠬᠡᠵᠢᠩ ᠪᠤᠯ ᠳᠡᠦᠬᠡ ᠰᠤᠶᠤᠯ᠎ᠤᠨ ᠤᠤᠷ ᠲᠤᠨᠤᠳᠠᠰᠤ ᠬᠦᠨ ᠵᠤᠵᠠᠭᠠᠨ ᠬᠤᠳᠠ ᠪᠤᠯᠤᠨ᠎ᠠ᠃ ᠪᠠᠭᠰᠢ ᠰᠤᠷᠤᠭᠴᠢᠳ ᠬᠠᠭᠠᠨ᠎ᠤ ᠣᠷᠳᠣᠨ᠎ᠤ ᠮᠦᠽᠧᠢ᠎ᠳ᠋ᠤ ᠬᠦᠷᠴᠦ᠂ ᠡᠷᠲᠡᠨ᠎ᠦ ᠪᠠᠷᠢᠯᠭ᠎ᠠ ᠪᠣᠯᠣᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠠᠷᠤ᠎ᠳᠠᠬᠢ ᠲᠡᠦᠬᠡ᠎ᠶᠢᠨ ᠨᠢᠭᠤᠴᠠ ᠵᠢ ᠬᠠᠢᠵᠤ᠂ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠤ ᠭᠦᠨ ᠵᠤᠵᠠᠭᠠᠨ ᠠᠭᠤᠯᠬᠤᠨ᠎ᠢ ᠣᠢᠯᠠᠭᠠᠪᠠ;ᠳᠤᠮᠳᠠᠳᠤ ᠤᠯᠤᠰ᠎ᠤᠨ ᠭᠠᠷ ᠤᠷᠠᠯᠠᠯ᠎ᠤᠨ ᠤᠷᠠᠨ ᠵᠢᠷᠤᠭ᠎ᠤᠨ ᠣᠷᠳᠣᠨ᠎ᠳᠤ ᠬᠦᠷᠴᠦ᠂ ᠸᠠᠭᠠᠷ ᠱᠠᠭᠠᠵᠠᠩ᠂ ᠬᠠᠳᠬᠤᠮᠠᠯ ᠂ ᠰᠡᠢᠯᠦᠮᠡᠯ ᠵᠡᠷᠭᠡ ᠭᠠᠷ ᠤᠷᠠᠯᠠᠯ᠎ᠤᠨ ᠬᠣᠪᠣᠷ ᠨᠠᠨᠳᠢᠨ ᠡᠳ᠋ ᠪᠤᠳᠠᠰ ᠢ᠋ ᠰᠣᠨᠢᠷᠬᠠᠨ᠂ ᠤᠯᠠᠮᠵᠢᠯᠠᠯᠲᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠣᠢᠯᠠᠭᠠᠵᠤ᠂ ᠰᠦᠵᠧᠦ ᠶ᠋ᠢᠨ ᠬᠠᠳᠬᠤᠮᠠᠯ᠂ ᠵᠢᠩ᠎ᠲᠠᠢ ᠯᠠᠨ ᠵᠡᠷᠭᠡ ᠪᠤᠳᠠᠰ᠎ᠤᠨ ᠪᠤᠰᠤ ᠰᠤᠶᠤᠯ᠎ᠤᠨ ᠦᠪ ᠡᠴᠡ ᠤᠷᠠᠨ ᠳᠠᠷᠬᠠᠨ᠎ᠤ ᠵᠣᠷᠢᠭ᠋ ᠰᠠᠨᠠᠭ᠎ᠠ ᠵᠢᠨ ᠬᠦᠨᠵᠡᠬᠡᠢ ᠤᠢᠯᠠᠭᠠᠭᠳᠠᠬᠤᠨ᠎ᠢ ᠮᠡᠳᠡᠷᠡᠵᠤ᠂ ᠪᠡᠭᠡᠵᠢᠩ ᠵᠦᠴᠦᠭᠡ ᠶ᠋ᠢᠨ ᠲᠦᠷᠢ ᠵᠢᠨ ᠪᠠᠭ᠎ᠢ ᠵᠢᠷᠤᠭᠯᠠᠵᠤ ᠪᠤᠳᠤᠭᠯᠠᠬᠤ᠂ ᠰᠢᠬᠢᠷ ᠬᠡᠦᠬᠡᠯᠳᠡᠢ ᠬᠢᠬᠦ ᠳᠤᠮᠳᠠ ᠡᠴᠡ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ᠂ ᠠᠷᠠᠳ᠎ᠤᠨ ᠵᠠᠩ ᠦᠢᠯᠡ ᠵᠢ ᠰᠤᠷᠤᠯᠴᠠᠨ ᠤᠢᠯᠠᠭᠠᠯ᠎ᠠ᠃

ᠪᠡᠬᠡᠵᠢᠩ ᠪᠤᠯ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠳᠠᠪᠰᠢᠩᠭᠤᠢ ᠭᠠᠵᠠᠷ ᠪᠤᠯᠤᠨ᠎ᠠ᠃ ᠪᠠᠭᠰᠢ ᠰᠤᠷᠤᠭᠴᠢᠳ ᠮᠠᠨᠢ ᠪᠡᠭᠡᠵᠢᠩ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠤ AI ᠬᠢᠴᠢᠶᠡᠯ᠎ᠡᠴᠡ ᠰᠤᠷᠤᠯᠴᠠᠵᠤ᠂ ᠨᠢᠰᠬᠡᠯ᠎ᠦᠨ ᠵᠠᠭᠪᠤᠷ᠂ ᠵᠠᠮ ᠴᠠᠭᠳᠠᠬᠤ ᠮᠠᠰᠢᠨ᠎ᠢ ᠭᠠᠷ ᠬᠦᠳᠡᠯᠦᠨ ᠤᠭᠰᠠᠷᠠᠵᠤ᠂ ᠦᠢᠯᠡᠳᠦᠯᠭᠡ᠎ᠶᠢᠨ ᠳᠤᠮᠳᠠ᠎ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠷᠢᠳᠢ ᠰᠢᠳᠢ᠎ᠶᠢ ᠮᠡᠳᠡᠷᠡᠪᠡ;ᠵᠦᠩ ᠭᠤᠸᠠᠨ ᠼᠦᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠵᠢᠱ᠌ᠢᠶ᠎ᠡ ᠦᠵᠡᠭᠦᠯᠬᠦ ᠬᠦᠷᠢᠶᠡᠯᠡᠩ᠎ᠵᠢᠡᠷ ᠰᠤᠷᠪᠤᠯᠵᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠤᠰᠢᠭᠤᠷᠠᠯ ᠮᠡᠷᠬᠡᠵᠢᠯ ᠡᠴᠡ ᠤᠢᠯᠠᠭᠠᠪᠠ; ᠰᠢᠶᠣᠣ ᠮᠢ ᠮᠠᠰᠢᠨ ᠲᠡᠷᠭᠡᠨ᠎ᠦ ᠦᠢᠯᠡᠳᠪᠦᠷᠢ᠎ᠳᠦ ᠬᠦᠷᠴᠦ᠂ ᠣᠶᠤᠨᠲᠤ ᠮᠠᠰᠢᠨ ᠮᠧᠬᠠᠨᠢᠭ᠋᠎ᠤᠨ ᠭᠠᠷ᠂ ᠮᠠᠰᠢᠨ ᠬᠦᠮᠦᠨ᠎ᠤ ᠠᠵᠢᠯᠯᠠᠬᠤ ᠤᠭ ᠶᠤᠰᠤ ᠵᠢ ᠲᠣᠭᠣᠷᠢᠨ ᠦᠵᠡᠵᠦ᠂ ᠳᠤᠮᠳᠠᠳᠤ ᠤᠯᠤᠰ᠎ᠤᠨ ᠤᠶᠤᠨᠴᠢ ᠦᠢᠯᠡᠳᠬᠡᠯ᠎ᠢ ᠤᠢᠯᠠᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面