2026-06-09 11:45:50
ᠦᠨᠳᠦᠰᠦᠲᠡᠨ ᠨᠤᠬᠦᠳ᠎ᠤᠨ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠢ ᠬᠦᠳᠦᠯᠦᠨ ᠵᠢᠯᠣᠭᠣᠳᠴᠤ᠌ ᠦᠢᠯᠡᠳᠦᠯᠭᠡ᠎ᠶ᠋ᠢᠨ ᠳᠤᠮᠳᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠢ᠍ᠢᠯᠠᠭᠠᠨ᠂ ᠤᠯᠤᠰ ᠭᠡᠷ᠎ᠦᠨ ᠬᠠᠢᠷ᠎ᠠ ᠰᠡᠳᠭᠢᠯᠭᠡ᠎ᠪᠡᠨ ᠵᠤᠵᠠᠭᠠᠳᠭᠠᠬᠤ᠎ᠵᠢ ᠠᠬᠢᠭᠤᠯᠬᠤ ᠶ᠋ᠢᠨ ᠲᠥᠯᠥᠭᠡ ᠲᠦᠷᠦᠭᠦᠭᠡᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠠᠴᠠ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠤᠨ ᠬᠥᠮᠦᠵᠢᠯ ᠦᠢᠯᠡᠳᠦᠯᠭᠡ᠎ᠶ᠋ᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ ᠤ ᠨᠡᠢᠭᠡᠮᠯᠢᠭ ᠡᠴᠡ ᠳᠠᠭᠠᠭᠠᠴᠢᠯᠠᠨ ᠡᠷᠬᠢᠯᠡᠭ᠌ᠰᠡᠨ 《ᠤᠯᠠᠭᠠᠨ ᠪᠥᠴᠡᠲᠡᠨ ᠰᠤᠶᠤᠯ᠎ᠤᠨ ᠰᠤᠳᠠᠰᠤ ᠵᠢ ᠤᠯᠠᠮᠵᠢᠯᠠᠬᠤ》 ᠦᠢᠯᠡᠳᠦᠯᠭᠡ ᠰᠤᠳᠤᠯᠤᠨ ᠰᠤᠷᠤᠯᠴᠠᠬᠤ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ᠃
ᠬᠦᠬᠡᠬᠤᠳᠠ ᠵᠢᠨ ᠱᠢᠨ᠎ᠡ ᠬᠤᠳᠠ ᠲᠣᠭᠣᠷᠢᠭ᠂ ᠰᠠᠢᠬᠠᠨ ᠲᠣᠭᠣᠷᠢᠭ᠎ᠠᠴᠠ ᠢᠷᠡᠭ᠌ᠰᠡᠨ 350 ᠭᠠᠷᠤᠢ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠨ ᠲᠤᠰ ᠤᠳᠠᠭ᠎ᠠ᠎ᠶ᠋ᠢᠨ ᠠᠵᠢᠯᠯᠠᠭ᠎ᠠ᠎ᠳᠤ ᠣᠷᠣᠯᠴᠠᠪᠠ᠃
ᠲᠣᠰ ᠤᠳᠠᠭᠠᠨ᠎ᠤ ᠱᠢᠷᠢᠰ ᠠᠵᠢᠯᠯᠠᠭ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ᠂ ᠱᠢᠷᠭᠠᠭᠤ ᠬᠠᠲᠠᠭᠤᠵᠢᠯᠲᠠᠶ ᠰᠤᠷᠤᠯᠴᠠᠬᠤ᠂ ᠪᠥᠬᠥ᠌ ᠲᠠᠯ᠎ᠠ᠎ᠪᠠᠷ ᠬᠥᠭ᠌ᠵᠢᠬᠦ ᠭᠤᠤᠯ ᠰᠡᠳᠦᠪ᠎ᠲᠡᠶ ᠨᠢᠭ᠍ᠲᠠ ᠤᠶᠠᠯᠳᠤᠭᠤᠯᠤᠨ᠂ ᠦᠵᠡᠯ ᠰᠠᠨᠠᠭᠠᠴᠢ ᠴᠢᠨᠠᠷ ᠲᠠᠢ᠂ ᠮᠡᠳᠡᠯᠭᠡᠴᠢ ᠴᠢᠨᠠᠷ ᠲᠠᠢ᠂ ᠦᠶ᠋ᠯᠡᠳᠦᠯᠭᠡ᠎ᠶ᠋ᠢᠨ ᠴᠢᠨᠠᠷ ᠲᠠᠶ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠢ᠋ ᠪᠣᠶ ᠪᠣᠯᠭᠠᠪᠠ᠃
ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ ᠥᠪᠥᠷ ᠮᠣᠩᠭᠣᠯ᠎ᠤᠨ ᠪᠠᠢᠭᠠᠯᠢ᠎ᠶ᠋ᠢᠨ ᠮᠦᠽᠧᠶ᠎ᠳᠦ ᠬᠦᠷᠴᠦ᠍᠂ ᠣᠢᠷ᠎ᠠ ᠵᠠᠶ᠎ᠠᠴᠠ ᠭᠠᠵᠠᠷ ᠱᠢᠨᠵᠢᠯᠡᠭᠡᠨ᠎ᠦ ᠦᠯᠡᠳᠡᠭ᠌ᠳᠡᠯ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ ᠵᠢᠴᠢ ᠬᠣᠪᠣᠷ ᠴᠤᠬᠠᠭ ᠠᠮᠢᠲᠠᠨ ᠤᠷᠭᠤᠮᠠᠯ᠎ᠤᠨ ᠥᠯᠢᠭᠡᠷ ᠬᠡᠪ᠎ᠢ ᠲᠣᠭᠣᠷᠢᠨ ᠦᠵᠡᠵᠦ᠍᠂ ᠣᠷᠣᠨ ᠪᠦᠰᠡ᠎ᠶ᠋ᠢᠨ ᠭᠠᠵᠠᠷ ᠵᠦᠶ᠎ᠶ᠋ᠢᠨ ᠳᠦᠷᠰᠦ ᠪᠠᠢᠳᠠᠯ᠂ ᠠᠮᠢ ᠠᠬᠤᠶ᠎ᠶ᠋ᠢᠨ ᠬᠤᠪᠢᠰᠤᠯᠲᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ ᠵᠡᠷᠭᠡ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠭᠤᠯᠭ᠎ᠠ᠎ᠶ᠋ᠢ ᠱᠢᠰᠲ᠋ᠧᠮ᠎ᠲᠡᠶ ᠰᠤᠷᠤᠯᠴᠠᠵᠤ᠂ ᠨᠡᠪᠴᠢᠯᠳᠡ ᠵᠢᠨ ᠮᠠᠶᠢᠭ᠎ᠤᠨ ᠰᠤᠳᠤᠯᠤᠨ ᠱᠢᠨᠵᠢᠯᠡᠯᠲᠡ ᠳᠤᠮᠳᠠ ᠪᠠᠢᠭᠠᠯᠢ᠎ᠶ᠋ᠢᠨ ᠨᠢᠭᠤᠴᠠ᠎ᠶ᠋ᠢ ᠬᠠᠢᠨ ᠱᠢᠨᠵᠢᠯᠡᠵᠦ᠍᠂ ᠱᠢᠨᠵᠢᠯᠡᠬᠦ᠌ ᠤᠬᠠᠭᠠᠨ᠎ᠤ ᠮᠡᠳᠡᠯᠭᠡ᠎ᠪᠡᠨ ᠨᠡᠮᠡᠭ᠌ᠳᠡᠭᠦᠯᠪᠡ᠃ 《ᠤᠯᠠᠭᠠᠨ ᠪᠥᠴᠡᠲᠡᠨ᠎ᠦ ᠬᠢᠴᠢᠶᠡᠯ᠎ᠦᠨ ᠲᠠᠩᠬᠢᠮ》 ᠳᠡᠭᠡᠷ᠎ᠡ ᠬᠠᠪᠰᠤᠷᠤᠨ ᠵᠢᠯᠣᠭᠣᠳᠣᠭ᠍ᠴᠢ ᠡᠴᠨ ᠶᠡᠷᠦᠩᠬᠡᠶ ᠱᠦᠵᠢ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠲᠤᠬᠠᠶ ᠴᠢᠬᠤᠯᠠ ᠥᠭᠦᠯᠡᠯᠲᠡ᠎ᠲᠡᠶ ᠤᠶᠠᠯᠳᠤᠭᠤᠯᠤᠨ᠂ ᠡᠭᠡ ᠪᠠᠢᠭᠠᠯᠢ᠎ᠶ᠋ᠢ ᠬᠠᠮᠠᠭᠠᠯᠠᠬᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠪᠥᠭᠡᠳ ᠣᠢᠯᠠᠭᠠᠮᠵᠢᠲᠠᠶ᠎ᠪᠠᠷ ᠲᠠᠢᠯᠪᠤᠷᠢᠯᠠᠵᠤ᠂ ᠪᠠᠭᠠᠴᠤᠳ᠎ᠤᠨ ᠬᠤᠰᠢᠭᠤᠴᠢ ᠠᠩᠬᠢ ᠵᠢᠨ ᠭᠡᠱᠢᠭᠦᠳ ᠬᠠᠷᠠᠬᠠᠨ ᠪᠠᠭ᠎ᠠ᠎ᠠᠴᠠ ᠪᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠢᠯᠠᠭᠠᠬᠳᠠᠬᠤᠨ᠎ᠢ ᠪᠣᠶ ᠪᠣᠯᠭᠠᠬᠤ ᠵᠢ ᠬᠦᠳᠦᠯᠦᠨ ᠵᠢᠯᠤᠭᠤᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃