2026-07-07 10:28:41
ᠲᠦᠷᠦᠬᠦᠬᠡᠨ᠂ 2026 ᠣᠨ᠎ᠤ ᠪᠥᠬᠥ᠌ ᠣᠷᠣᠨ᠎ᠤ ᠪᠠᠭᠠᠴᠤᠳ᠎ᠤᠨ ᠤᠯᠤᠰ᠎ᠤᠨ ᠲᠣᠭ᠎ᠤᠨ ᠠᠩᠭᠢ᠎ᠶ᠋ᠢ ᠵᠢᠷᠤᠮᠵᠢᠭᠤᠯᠤᠨ ᠳᠡᠭᠡᠭ᠌ᠰᠢᠯᠡᠭᠦᠯᠬᠦ᠌ ᠵᠢᠴᠢ ᠥᠪᠥᠷ ᠮᠣᠩᠭᠣᠯ᠎ᠤᠨ ᠪᠠᠭᠠᠴᠤᠳ᠎ᠤᠨ ᠴᠡᠷᠢᠭ᠎ᠦᠨ ᠰᠤᠷᠭᠠᠭᠤᠯᠢ᠎ᠶ᠋ᠢᠨ ᠶᠡᠷᠦᠩᠬᠡᠶ ᠰᠤᠷᠭᠠᠭᠤᠯᠢ᠎ᠶ᠋ᠢᠨ ᠲᠠᠪᠤᠳᠤᠭᠠᠷ ᠬᠤᠭᠤᠴᠠᠭᠠᠨ᠎ᠤ ᠪᠣᠯᠪᠠᠰᠤᠷᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠰᠤᠷᠭᠠᠭᠤᠯᠢ᠎ᠳᠤ ᠶᠠᠪᠤᠭᠳᠠᠪᠠ᠃
ᠲᠣᠰ ᠤᠳᠠᠭᠠᠨ᠎ᠤ ᠠᠵᠢᠯᠯᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠪᠠᠭᠠᠴᠤᠳ᠎ᠤᠨ ᠠᠵᠢᠯ᠎ᠤᠨ ᠵᠦᠪᠯᠡᠯ᠎ᠡᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ 12 ᠰᠤᠷᠭᠠᠭᠤᠯᠢ᠎ᠶ᠋ᠢᠨ 400 ᠱᠢᠬᠠᠮ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠨ ᠤᠯᠤᠰ᠎ᠤᠨ ᠲᠣᠭ᠎ᠤᠨ ᠠᠩᠭᠢ᠎ᠶ᠋ᠢ ᠵᠢᠷᠤᠮᠵᠢᠭᠤᠯᠤᠨ ᠳᠡᠭᠡᠭ᠌ᠰᠢᠯᠡᠭᠦᠯᠬᠦ᠌ ᠪᠤᠯᠪᠠᠰᠤᠷᠠᠯ ᠳ᠋ᠦ ᠤᠷᠤᠯᠴᠠᠵᠠᠢ᠃
ᠪᠠᠭᠠᠴᠤᠳ᠎ᠤᠨ ᠴᠡᠷᠢᠭ᠎ᠦᠨ ᠰᠤᠷᠭᠠᠭᠤᠯᠢ᠎ᠶ᠋ᠢᠨ ᠪᠣᠯᠪᠠᠰᠤᠷᠠᠯ᠎ᠨᠢ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ ᠵᠢᠮ᠎ᠡ ᠶᠣᠰᠣ᠎ᠶ᠋ᠢ ᠴᠢᠩᠭ᠎ᠠ ᠡᠵᠡᠮᠳᠡᠵᠦ᠍᠂ ᠤᠯᠤᠰ᠎ᠤᠨ ᠲᠣᠭ᠎ᠤᠨ ᠠᠩᠭᠢ᠎ᠶ᠋ᠢᠨ ᠪᠣᠯᠪᠠᠰᠤᠷᠠᠯ᠎ᠢ ᠵᠢᠷᠤᠮᠵᠢᠭᠤᠯᠬᠤ᠎ᠪᠠᠷ ᠭᠤᠤᠯ ᠪᠣᠯᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢᠶᠡᠷ ᠵᠢᠯᠣᠭᠣᠳᠤᠮᠵᠢ ᠪᠤᠯᠭᠠᠨ᠂ ᠦᠶ᠋ᠯᠡᠳᠦᠯᠭᠡ᠎ᠪᠡᠷ ᠡᠷᠴᠢ ᠵᠣᠷᠢᠭ᠎ᠢ ᠬᠥᠪᠴᠢᠯᠡᠬᠦ᠌᠎ᠪᠡᠷ ᠬᠠᠷᠠᠯᠲᠠ ᠪᠣᠯᠭᠠᠵᠤ᠂ ᠱᠢᠰᠲ᠋ᠧᠮ᠎ᠲᠡᠶ ᠱᠢᠨᠵᠢᠯᠡᠬᠦ᠌ ᠤᠬᠠᠭᠠᠨᠴᠢ ᠪᠣᠯᠪᠠᠰᠤᠷᠠᠯ᠎ᠤᠨ ᠬᠢᠴᠢᠶᠡᠯ ᠲᠥᠷᠥᠯ᠎ᠢ ᠲᠣᠬᠢᠷᠠᠭᠤᠯᠵᠤ᠂ ᠡᠩᠨᠡᠭᠡᠨ᠎ᠦ ᠰᠠᠭᠤᠷᠢ ᠪᠣᠯᠪᠠᠰᠤᠷᠠᠯ᠂ ᠲᠣᠭ ᠮᠠᠨᠳᠤᠭᠤᠯᠤᠭ᠍ᠴᠢᠶ᠋ᠢᠨ ᠲᠤᠰᠭᠠᠶ ᠪᠣᠯᠪᠠᠰᠤᠷᠠᠯ᠂ ᠲᠣᠭ ᠬᠠᠮᠠᠭᠠᠯᠠᠬᠤ ᠵᠢᠭ᠍ᠰᠠᠭᠠᠯ᠎ᠤᠨ ᠡᠩᠨᠡᠭᠡ᠎ᠶ᠋ᠢᠨ ᠪᠣᠯᠪᠠᠰᠤᠷᠠᠯ᠂ ᠤᠯᠤᠰ᠎ᠤᠨ ᠲᠣᠭᠮᠠᠨᠳᠤᠭᠤᠯᠬᠤ ᠶᠣᠰᠣᠯᠠᠯ᠎ᠢ ᠵᠢᠷᠤᠮᠵᠢᠭᠤᠯᠬᠤ ᠵᠢᠭᠠᠨ ᠰᠤᠷᠭᠠᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠵᠡᠷᠭᠡ ᠠᠭᠤᠯᠭ᠎ᠠ᠎ᠶ᠋ᠢ ᠭᠤᠤᠯᠳᠠᠯᠭ᠎ᠠ᠎ᠲᠠᠶ ᠥᠷᠨᠢᠭᠦᠯᠵᠦ᠍᠂ ᠰᠤᠷᠤᠯᠭᠠᠳᠠᠳ᠎ᠦᠨ ᠰᠠᠬᠢᠯᠭ᠎ᠠ ᠪᠠᠲᠤ᠎ᠶ᠋ᠢᠨ ᠤᠬᠠᠮᠰᠠᠷ᠂ ᠪᠦᠯᠬᠦᠮ ᠨᠡᠢᠲᠡ᠎ᠶ᠋ᠢᠨ ᠵᠣᠷᠢᠭ ᠰᠠᠨᠠᠭ᠎ᠠ ᠪᠣᠯᠤᠨ ᠡᠷᠡᠰ ᠪᠠᠲᠤ ᠵᠠᠩ ᠴᠢᠨᠠᠷ᠎ᠢ ᠪᠥᠬᠥ᠌ ᠲᠠᠯ᠎ᠠ᠎ᠪᠠᠷ ᠳᠠᠪᠲᠠᠨ ᠪᠣᠯᠪᠠᠰᠤᠷᠠᠭᠤᠯᠪᠠ᠃
ᠳᠡᠯᠭᠡᠨ ᠦᠵᠡᠭᠦᠯᠬᠦ᠌ ᠭᠣᠭ᠍ᠴᠣᠭ᠎ᠠ᠎ᠳᠤ᠂ ᠪᠦᠬᠦ᠌ ᠬᠥᠮᠦᠰ ᠲᠥᠪ ᠵᠣᠭ᠍ᠰᠣᠵᠤ᠂ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠳᠠᠭᠤᠤ ᠵᠢ ᠳᠠᠭᠤᠯᠠᠵᠤ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠴᠤᠭ ᠪᠠᠳᠠᠷᠠᠩᠭᠤᠢ ᠣᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃ ᠵᠢᠭᠠᠨ ᠰᠤᠷᠭᠠᠭ᠍ᠴᠢ ᠡᠴᠡ 《ᠤᠯᠤᠰ᠎ᠤᠨ ᠲᠣᠭ᠎ᠤᠨ ᠠᠩᠭᠢ᠎ᠶ᠋ᠢᠨ ᠥᠯᠢᠭᠡᠷ》 ᠤ᠋ᠨ ᠲᠣᠭᠣᠷᠢᠨ᠎ᠳᠤ ᠤᠬᠠᠭᠤᠯᠤᠨ ᠲᠠᠢᠯᠪᠤᠷᠢᠯᠠᠯᠲᠠ ᠬᠢᠵᠦ ᠤᠯᠤᠰ᠎ᠤᠨ ᠲᠤᠭ ᠮᠠᠨᠳᠤᠭᠤᠯᠬᠤ ᠵᠢᠱ᠌ᠢᠶ᠎ᠡ ᠦᠵᠡᠭᠦᠯᠪᠡ᠃ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠴᠣᠭ ᠰᠦᠯᠳᠡ ᠲᠡᠬᠦᠯᠳᠡᠷ ᠪᠠᠢᠵᠤ᠂ ᠶᠣᠰᠣᠯᠠᠬᠤ᠂ ᠵᠢᠭ᠌ᠳᠡ ᠠᠯᠬᠤᠬᠤ᠂ ᠲᠥᠪ ᠠᠯᠬᠤᠬᠤ ᠵᠡᠷᠭᠡ ᠪᠠᠷᠢᠮᠵᠢᠶ᠎ᠠ᠎ᠳᠤ ᠬᠦᠳᠡᠯᠭᠡᠭᠡᠨ ᠵᠢᠡᠷ ᠲᠥᠪᠯᠡᠷᠡᠭᠦᠯᠦᠨ ᠪᠣᠯᠪᠠᠰᠤᠷᠠᠭᠤᠯᠬᠤ ᠦᠷ᠎ᠡ ᠪᠦᠲᠦᠮᠵᠢ ᠪᠠ ᠱᠢᠨ᠎ᠡ ᠴᠠᠭ ᠦᠶ᠎ᠡ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠱᠢᠯᠢᠳᠡᠭ ᠰᠤᠷᠲᠠᠯ᠎ᠢ ᠢᠯᠡᠷᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃